2 ᠰᠠᠷ᠎ᠠ ᠶᠢᠨ 11 ᠤ ᠡᠳᠦᠷ᠂ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠰᠢᠶᠠᠨ ᠤ ᠺᠠᠳ᠋ᠷᠴᠤᠳ ᠤᠨ ᠰᠡᠷᠡᠮᠵᠢᠯᠡᠭᠦᠯᠬᠦ | ᠬᠥᠮᠦᠵᠢᠯ ᠤᠨ ᠶᠡᠭᠡ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ | ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ | ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ | ᠪᠠ ᠬᠤᠲᠠ ᠶᠢᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠯᠵᠠᠷᠠᠯ ᠢ ᠡᠷᠡᠰ ᠭᠤᠶᠢᠪᠢᠰᠢ | ᠦᠭᠡᠢ ᠪᠠᠷ ᠵᠠᠯᠬᠠᠭᠠᠨ ᠰᠢᠢᠳᠬᠡᠵᠦ᠂ ᠰᠤᠷᠲᠠᠯ ᠢᠶᠠᠨ ᠴᠥᠬᠦᠷᠡᠰᠢ ᠦᠭᠡᠢ ᠰᠠᠶᠢᠵᠢᠷᠠᠭᠤᠯᠤᠨ᠂ ᠪᠥᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠰᠢᠨ᠎ᠡ ᠢᠯᠠᠯᠲᠠ ᠶᠢ ᠲᠠᠰᠤᠷᠠᠯᠲᠠ ᠦᠭᠡᠢ ᠲᠡᠮᠡᠴᠡᠨ ᠣᠯᠵᠤ᠂ ᠣᠳᠣᠬᠢᠴᠢᠯᠠᠭᠰᠠᠨ ᠺᠠᠶᠢᠯᠤ | ᠶᠢ ᠲᠦᠷᠭᠡᠳᠬᠡᠨ ᠪᠠᠶᠢᠭᠤᠯᠬᠤ ᠳᠤ ᠪᠠᠲᠤ ᠴᠢᠩᠭ᠎ᠠ ᠤᠯᠤᠰ ᠲᠥᠷᠥ ᠪᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ | ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ᠂ ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠸᠧᠨ ᠵᠢᠶᠦ᠋ᠨ | ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠢᠶᠠᠩ ᠵᠢᠩ ᠶᠢᠩ᠂ ᠰᠢᠶᠠᠨ ᠤ ᠨᠠᠮ ᠤᠨ ᠬᠤᠷᠢᠶ᠎ᠠ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ | ᠬᠤᠶᠠᠷ ᠳᠠᠷᠤᠭ᠎ᠠ︾ ᠬᠤᠷᠠᠯ ᠳᠤ ᠣᠷᠣᠯᠴᠠᠵᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠣᠨ | ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | | | | | | ᠬᠤᠷᠠᠯ ᠠᠴᠠ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ | ᠶᠠᠷᠢᠶ᠎ᠠ ᠨᠢ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠂ ᠤᠳᠠᠭᠠᠨ | ᠳᠠᠭᠠᠭᠠᠮᠠᠭᠠᠢ ᠳᠠᠶᠢᠯᠠᠯᠳᠤᠭᠠᠨ ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠲᠤᠬᠠᠢ ᠲᠣᠳᠣᠷᠬᠠᠢ | ᠱᠠᠭᠠᠷᠳᠠᠯᠭ᠎ᠠ ᠳᠤᠷᠠᠳᠴᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠲᠤᠬᠠᠢ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ | ᠵᠢᠷᠤᠮᠯᠠᠯ ᠬᠠᠩᠭᠠᠪᠠ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ | ᠤᠯᠤᠰ ᠲᠦᠷᠦ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ | ᠬᠤᠷᠠᠯ ᠠᠴᠠ ᠴᠢᠩᠭᠠᠳᠬᠠᠭᠰᠠᠨ ᠨᠢ᠂ ᠤᠯᠤᠰ ᠲᠦᠷᠦ ᠶᠢᠨ ᠬᠢᠨᠠᠯᠲᠠ ᠶᠢ ᠲᠡᠷᠢᠭᠦᠨ ᠪᠠᠶᠢᠷᠢᠨ ᠳᠤ ᠲᠠᠯᠪᠢᠬᠤ | ᠶᠢ ᠭᠤᠶᠢᠪᠢᠰᠢ ᠦᠭᠡᠢ ᠪᠠᠷᠢᠮᠲᠠᠯᠠᠵᠤ ᠂ ︽ ᠬᠤᠶᠠᠷ ᠢ ᠬᠠᠮᠠᠭᠠᠯᠠᠬᠤ ︾ ᠪᠠᠷ ᠭᠤᠣᠯᠳᠠᠭᠤᠯᠵᠤ ᠤᠯᠤᠰ ᠲᠦᠷᠦ ᠶᠢᠨ | ᠬᠢᠨᠠᠯᠲᠠ ᠶᠢ ᠪᠣᠳᠠᠲᠠᠶᠢᠵᠢᠭᠤᠯᠬᠤ ᠂ ᠤᠨᠢᠨ ᠳᠡᠭᠡᠷ᠎ᠡ ᠨᠢ ᠲᠠᠯᠪᠢᠬᠤ ᠂ ᠪᠠᠶᠢᠩᠭᠤᠵᠢᠭᠤᠯᠬᠤ ᠶᠢ ᠠᠬᠢᠭᠤᠯᠵᠤ ᠂ | ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠬᠦ ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ | ᠶᠣᠰᠣ ᠳᠦᠷᠢᠮ ᠢ ᠴᠢᠩᠭ᠎ᠠ ᠰᠠᠬᠢᠬᠤ ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠤᠯᠤᠰ ᠲᠦᠷᠦ ᠶᠢᠨ ᠬᠢᠨᠠᠯᠲᠠ ᠲᠠᠯᠪᠢᠬᠤ ᠶᠢ | ᠴᠢᠩᠭᠠᠳᠬᠠᠵᠤ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠵᠤ ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠡᠳᠦᠷ ᠲᠤᠳᠤᠮ ᠤᠨ ᠠᠵᠢᠯ ᠳᠤ | ᠠᠭᠤᠰᠤᠯᠴᠠᠭᠤᠯᠵᠤ ᠂ ᠪᠠᠶᠢᠩᠭᠤ ᠶᠢᠨ ᠴᠢᠨᠠᠷᠲᠠᠢ ᠠᠳᠬᠤᠵᠤ ᠂ ᠪᠠᠶᠢᠩᠭᠤ ᠶᠢᠨ ᠴᠢᠨᠠᠷᠲᠠᠢ ᠤᠷᠳᠤ ᠬᠤᠭᠤᠴᠠᠭᠠᠨ ᠤ | ᠪᠦᠲᠦᠮᠵᠢᠲᠡᠢ ᠪᠠᠶᠢᠳᠠᠯ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠵᠤ ᠂ | ᠨᠠᠮ ᠤᠨ ᠰᠠᠬᠢᠯᠭ᠎ᠠ ᠪᠠᠲᠤ ᠶᠣᠰᠣ ᠳᠦᠷᠢᠮ ᠪᠠ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ ᠂ ᠴᠢᠩᠭ᠎ᠠ | ᠬᠠᠮᠢᠶᠠᠷᠴᠤ ᠵᠤᠵᠠᠭᠠᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ | ᠬᠡᠷᠡᠭᠵᠢᠭᠦᠯᠬᠦ ᠬᠠᠯᠠᠭᠤᠨ ᠳᠤᠯᠠᠭᠠᠨ ᠢᠶᠠᠷ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ | ᠵᠣᠷᠢᠭᠵᠢᠭᠤᠯᠵᠤ ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠂ ᠠᠵᠢᠯ ᠬᠢᠵᠦ ᠦᠢᠯᠡᠰ | ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠃ | ᠬᠤᠷᠠᠯ ᠠᠴᠠ ᠴᠢᠩᠭᠠᠳᠬᠠᠭᠰᠠᠨ ᠨᠢ᠂ ᠰᠤᠷᠲᠠᠯ ᠢᠯᠵᠢᠷᠡᠯ ᠢ ᠵᠡᠷᠭᠡᠪᠡᠷ ᠪᠠᠶᠢᠴᠠᠭᠠᠵᠤ ᠵᠡᠷᠭᠡᠪᠡᠷ ᠵᠠᠰᠠᠬᠤ ᠳᠤ | ᠠᠩᠬᠠᠷᠤᠯ ᠢᠶᠠᠨ ᠲᠥᠪᠯᠡᠷᠡᠭᠦᠯᠵᠦ ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ ᠂ ᠦᠩᠭᠡᠨ | ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠨᠢᠭᠡ ᠴᠣᠭᠴᠠᠵᠢᠭᠤᠯᠵᠤ ︽ ᠭᠤᠷᠪᠠᠨ ᠢᠯᠵᠢᠷᠠᠬᠤ | ᠦᠭᠡᠢ ︾ ᠶᠢ ᠠᠬᠢᠭᠤᠯᠵᠤ ᠂ ︽ ᠪᠠᠶᠢᠴᠠᠭᠠᠬᠤ ︾ ᠂ ︽ ᠵᠠᠰᠠᠬᠤ ︾ ᠶᠢ ᠲᠤᠭᠤᠰᠢᠲᠠᠢ ᠨᠠᠪᠲᠠᠷᠡᠭᠦᠯᠵᠦ ᠂ ᠰᠤᠷᠲᠠᠯ | ᠢᠯᠵᠢᠷᠡᠯ ᠤᠨ ᠬᠤᠪᠢᠷᠠᠬᠤ ᠶᠢ ᠰᠡᠷᠭᠡᠶᠢᠯᠡᠬᠦ ᠶᠢ ᠬᠤᠷᠢᠭᠯᠠᠵᠤ ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ︽ | ᠰᠡᠭᠦᠯᠴᠢ ᠶᠢᠨ ᠬᠠᠭᠠᠰ ᠶᠠᠪᠤᠳᠠᠯ ︾ ᠢ ᠰᠠᠶᠢᠲᠤᠷ ᠬᠢᠵᠦ ᠂ ᠰᠢᠨ᠎ᠡ ᠰᠤᠷᠲᠠᠯ ᠲᠥᠪ ᠰᠤᠷᠲᠠᠯ ᠪᠣᠯᠣᠨ ᠰᠠᠶᠢᠨ | ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠦᠴᠦᠲᠡᠢ ᠬᠠᠮᠠᠭᠠᠯᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠦᠨᠳᠦᠰᠦᠨ ᠱᠠᠲᠤ ᠲᠡᠶᠢᠰᠢ ᠦᠷᠭᠦᠯᠵᠢᠯᠡᠭᠦᠯᠬᠦ ᠶᠢ ᠦᠷᠭᠦᠯᠵᠢᠯᠡᠨ ᠠᠬᠢᠭᠤᠯᠵᠤ ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠬᠦ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠤᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠳᠠᠷᠤᠯᠲᠠ ᠶᠢ | ᠦᠨᠳᠦᠰᠦᠨ ᠱᠠᠲᠤᠨ ᠳᠤ ᠳᠠᠮᠵᠢᠭᠤᠯᠵᠤ ᠂ ᠬᠠᠷᠢᠭᠤᠴᠠᠯᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ | ᠬᠡᠷᠡᠭᠲᠡᠢ ᠃ | ᠰᠦ ᠰᠢᠤᠸᠠᠢ ᠴᠢᠤᠸᠠᠨ ᠵᠢᠭᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ᠂ ᠭᠤᠣᠯ | ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠨᠠᠮ ᠤᠨ ᠬᠤᠷᠢᠶ᠎ᠠ ︵ ᠨᠠᠮ ᠤᠨ ᠤᠳᠤᠷᠢᠳᠬᠤ | ᠳᠤᠭᠤᠶᠢᠯᠠᠩ ︶ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠵᠦ ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠦᠷᠦ ᠶᠢᠨ ᠬᠠᠷᠢᠭᠤᠴᠠᠯᠭ᠎ᠠ | ᠪᠠᠨ ᠴᠢᠩᠭᠠᠳᠬᠠᠵᠤ ᠂ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ ᠂ ᠥᠪᠡᠷ ᠢ ᠪᠠᠨ ᠴᠢᠩᠭ᠎ᠠ ᠱᠠᠭᠠᠷᠳᠠᠵᠤ ᠂ | ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ ᠂ ᠬᠠᠷᠢᠶᠠᠯᠠᠭᠳᠠᠭᠰᠠᠳ ᠢᠶᠠᠨ ᠴᠢᠩᠭ᠎ᠠ ᠬᠠᠮᠢᠶᠠᠷᠴᠤ ᠂ ᠥᠪᠡᠷ ᠤᠨ ᠪᠡᠶ᠎ᠡ | ᠳᠤ ᠪᠠᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ︽ ᠬᠤᠶᠠᠷ ᠢ ᠬᠠᠮᠠᠭᠠᠯᠠᠬᠤ ︾ ᠶᠢ | ᠦᠢᠯᠡᠳᠦᠯᠭᠡᠵᠢᠭᠦᠯᠬᠦ ᠬᠡᠷᠡᠭᠲᠡᠢ ᠃ ᠪᠦᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ | ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠺᠠᠶᠢᠯᠤ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠢ ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠮᠠᠨ ᠤ ᠬᠤᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ | ︽ᠠᠷᠠᠳ ᠤᠨ ᠲᠥᠯᠥᠭᠡ ᠰᠡᠯᠡᠮ᠎ᠡ ᠪᠠᠨ ᠳᠡᠯᠭᠡᠶ᠎ᠡ︾ ᠶᠢ ᠲᠥᠪᠯᠡᠷᠡᠭᠦᠯᠦᠨ ᠦᠵᠡᠪᠡ᠃ | | | | | | ᠳᠤᠮᠳᠠᠳᠤ ᠤᠯᠤᠰ ᠤᠨ ᠡᠪ ᠬᠠᠮᠲᠤ ᠨᠠᠮ ᠤᠨ ᠺᠠᠶᠢᠯᠤ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠢ ᠰᠢᠶᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ ᠃ 2 ᠰᠠᠷ᠎ᠠ ᠶᠢᠨ 11 ᠤ ᠡᠳᠦᠷ ᠤᠨ | ᠦᠳᠡ ᠶᠢᠨ ᠡᠮᠦᠨ᠎ᠡ᠂ ᠰᠦ ᠰᠢᠤᠸᠠᠢ ᠴᠢᠤᠸᠠᠨ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠺᠠᠶᠢᠯᠤ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ | ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃ ︵ ᠵᠠᠩ ᠮᠧᠢ ᠨᠠ ᠂ ᠶᠠᠩ | ᠵᠢᠩ ᠰᠢᠨ ᠂ ᠭᠦᠸᠧ ᠳ᠋ᠡ ᠯᠧᠢ︶ | |