2 ᠰᠠᠷ᠎ᠠ ᠶᠢᠨ 14 ᠤ ᠡᠳᠦᠷ᠂ 2025 ᠣᠨ ᠤ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠪᠦᠬᠦ ᠰᠢᠶᠠᠨ ᠢᠶᠠᠷ ᠳᠠᠶᠢᠴᠢᠯᠠᠵᠤ᠂ ᠠᠵᠤ ᠠᠬᠤᠢ ᠶᠢᠨ ᠠᠵᠢᠯᠯᠠᠭᠠᠨ | ᠢ ᠰᠠᠶᠢᠲᠤᠷ ᠠᠳᠬᠤᠬᠤ ᠂ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠲᠠᠬᠤ ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ︽ ᠲᠦᠷᠪᠡᠨ | ᠭᠤᠣᠯᠳᠠᠯᠭ᠎ᠠ ︾ ᠶᠢᠨ ᠠᠵᠢᠯ ᠢᠶᠠᠷ ᠬᠥᠲᠥᠯᠥᠮᠵᠢ ᠪᠣᠯᠭᠠᠵᠤ ᠂ ᠬᠥᠭᠵᠢᠭᠦᠯᠬᠦ ᠪᠠᠷ ᠴᠢᠷᠮᠠᠶᠢᠬᠤ ᠂ ᠬᠥᠭᠵᠢᠯᠲᠡ ᠶᠢ | ᠠᠳᠬᠤᠬᠤ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠵᠤ ᠂ ᠠᠵᠤ ᠠᠬᠤᠢ ᠪᠠᠨ ᠨᠢᠭᠡᠳᠬᠡᠬᠦ ᠂ | ᠬᠥᠭᠵᠢᠯᠲᠡ ᠶᠢ ᠠᠬᠢᠭᠤᠯᠬᠤ ᠡᠷᠴᠢ ᠵᠣᠷᠢᠭ ᠢ ᠭᠦᠢᠴᠡᠳ ᠲᠠᠶᠢᠴᠢᠯᠠᠨ ᠂ ᠪᠦᠬᠦ ᠰᠢᠶᠠᠨ ᠢᠶᠠᠷ ᠢᠶᠠᠨ ᠰᠡᠳᠬᠢᠯ ᠰᠠᠨᠠᠭ᠎ᠠ | ᠪᠠᠨ ᠲᠥᠪᠯᠡᠷᠡᠭᠦᠯᠦᠨ ᠬᠦᠴᠦᠨ ᠢᠶᠠᠨ ᠬᠠᠮᠲᠤᠳᠬᠠᠵᠤ ᠂ ᠡᠬᠢᠯᠡᠯᠲᠡ ᠶᠢ ᠵᠠᠪᠳᠤᠨ ᠠᠳᠬᠤᠬᠤ ᠶᠢ ᠲᠦᠯᠬᠢᠨ | ᠠᠬᠢᠭᠤᠯᠵᠤ ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠨᠡᠩ ᠤᠯᠠᠨ ᠰᠠᠨᠠᠭᠠᠴᠢᠯᠠᠭᠠᠲᠤ ᠪᠠᠶᠢᠷᠢ ᠶᠢ | ᠲᠡᠮᠡᠴᠡᠨ ᠣᠯᠬᠤ ᠬᠡᠷᠡᠭᠲᠡᠢ ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ | ᠬᠤᠷᠠᠯ ᠡᠷᠭᠢᠯᠡᠪᠡ᠃ ᠵᠠᠩ ᠸᠧᠨ ᠵᠢᠶᠦ᠋ᠨ᠂ ᠵᠢᠶᠠᠩ ᠵᠢᠩ ᠶᠢᠩ᠂ ᠼᠤᠤ ᠰᠢᠶᠠᠨ ᠵᠢᠩ᠂ ᠵᠢᠩ ᠯᠢ ᠴᠦᠨ᠂ | ᠠᠯᠲᠠᠨᠬᠦᠦ᠂ ᠶᠠᠩ ᠡᠾᠦ᠋ᠢ ᠮᠢᠨ᠂ ᠾᠧ ᠴᠦᠨ ᠡᠾᠦ᠋ᠩ᠂ ᠦ᠋ ᠭᠦᠸᠧ ᠵᠤ᠋ ᠵᠡᠷᠭᠡ ᠰᠢᠶᠠᠨ ᠤ ᠤᠳᠤᠷᠢᠳᠤᠯᠭ᠎ᠠ | ᠬᠤᠷᠠᠯ ᠳᠤ ᠣᠷᠣᠯᠴᠠᠪᠠ᠃ | | | | | | ᠬᠤᠷᠠᠯ ᠠᠴᠠ ᠴᠢᠩᠭᠠᠳᠬᠠᠭᠰᠠᠨ ᠨᠢ᠂ ︽ ᠡᠬᠢᠯᠡᠯᠲᠡ ᠶᠢᠨ ᠬᠤᠭᠤᠴᠠᠭᠠᠨ ᠳᠤ ᠰᠢᠢᠳᠪᠦᠷᠢᠲᠦ ᠪᠠᠶᠢᠯᠳᠤᠭᠠᠨ | ᠬᠢᠬᠦ ︾ ᠣᠪᠣᠷ ᠪᠠᠶᠢᠳᠠᠯ ᠢᠶᠠᠷ ᠴᠢᠨᠠᠷ ᠰᠠᠶᠢᠲᠠᠢ ᠬᠥᠭᠵᠢᠯᠲᠡ ᠶᠢᠨ ᠪᠦᠷᠢᠶ᠎ᠡ ᠶᠢ ᠬᠠᠩᠭᠢᠨᠠᠭᠤᠯᠬᠤ ᠬᠡᠷᠡᠭᠲᠡᠢ ᠃ ᠡᠭᠦᠷᠭᠡ | ᠶᠢ ᠲᠣᠳᠣᠷᠬᠠᠢ ᠪᠣᠯᠭᠠᠬᠤ᠂ ᠴᠠᠭ ᠤᠨ ᠬᠢᠵᠠᠭᠠᠷ ᠢ ᠲᠣᠭᠲᠠᠭᠠᠬᠤ᠂ ᠬᠠᠷᠢᠭᠤᠴᠠᠯᠭ᠎ᠠ ᠶᠢ ᠳᠠᠷᠤᠬᠤ ᠠᠷᠭ᠎ᠠ ᠮᠠᠶ᠋ᠢᠭ | ᠢᠶᠠᠷ ᠳᠠᠮᠵᠢᠭᠤᠯᠤᠨ᠂ ᠲᠣᠬᠢᠷᠠᠭᠤᠯᠤᠯᠲᠠ ᠶᠢ ᠠᠳᠬᠤᠵᠤ᠂ ᠵᠠᠩᠭᠢᠯᠠᠭ᠎ᠠ ᠶᠢᠨ ᠴᠡᠭ ᠢ ᠠᠩᠬᠠᠷᠴᠤ᠂ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠬᠠᠮᠤᠭ ᠤᠨ ᠶᠡᠭᠡ | ᠬᠡᠮᠵᠢᠶ᠎ᠡ ᠪᠠᠷ ᠳᠡᠭᠡᠭᠰᠢᠯᠡᠭᠦᠯᠬᠦ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠪᠠ ︽ ᠬᠤᠶᠠᠷ | ᠬᠤᠷᠠᠯ ︾ ᠳᠤ ᠲᠣᠳᠣᠷᠬᠠᠢ ᠲᠣᠭᠲᠠᠭᠠᠭᠰᠠᠨ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠶᠡᠷᠦᠩᠬᠡᠢ ᠰᠡᠳᠬᠢᠴᠡ ᠪᠠ ᠬᠠᠷᠠᠯᠲᠠ ᠡᠭᠦᠷᠭᠡ ᠶᠢᠨ ᠲᠣᠭᠤᠷᠢᠨ ᠳᠤ ᠠᠯᠬᠤᠮ ᠨᠢᠭᠡᠲᠡᠢ ᠨᠠᠶᠢᠳᠠᠪᠤᠷᠢᠵᠢᠭᠤᠯᠤᠯᠲᠠ ᠶᠢ | ᠠᠳᠬᠤᠬᠤ ᠬᠡᠷᠡᠭᠲᠡᠢ ᠃ ︽ᠲᠠᠪᠤᠨ ᠶᠡᠭᠡ ᠡᠭᠦᠷᠭᠡ︾ ᠂ ︽ᠵᠢᠷᠭᠤᠭᠠᠨ ᠢᠨᠵᠧᠨᠧᠷᠢᠩ︾ ᠂ ︽ᠵᠢᠷᠭᠤᠭᠠᠨ | ᠠᠵᠢᠯᠯᠠᠭ᠎ᠠ︾ ᠵᠡᠷᠭᠡ ᠭᠤᠣᠯᠳᠠᠯᠭ᠎ᠠ ᠲᠠᠢ ᠡᠭᠦᠷᠭᠡ ᠳᠤ ᠴᠢᠭᠯᠡᠭᠦᠯᠦᠨ᠂ ᠴᠠᠭ ᠮᠥᠴᠡ ᠶᠢ ᠠᠯᠳᠠᠯ ᠦᠭᠡᠢ ᠪᠠᠷ ᠠᠷᠭ᠎ᠠ | ᠰᠦᠪᠡᠭᠴᠢᠯᠡᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠭᠠᠷᠳᠠᠴᠠ ᠲᠠᠢ᠂ ᠬᠡᠷᠡᠭᠵᠢᠭᠦᠯᠵᠦ ᠪᠣᠯᠬᠤ᠂ | ᠪᠡᠶᠡᠯᠡᠭᠦᠯᠵᠦ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠳᠡᠭᠡᠭᠰᠢᠯᠡᠭᠦᠯᠬᠦ ᠲᠠᠯ᠎ᠠ ᠪᠠᠷ ᠪᠣᠳᠠᠲᠤ ᠦᠷ᠎ᠡ | ᠪᠦᠲᠦᠮᠵᠢ ᠣᠯᠬᠤ ᠬᠡᠷᠡᠭᠲᠡᠢ᠃ ᠪᠠᠭᠯᠠᠭ᠎ᠠ ᠪᠣᠭᠤᠳᠠᠯᠯᠠᠬᠤ ᠶᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠲᠥᠷᠥᠯ | ᠵᠦᠢᠯ ᠤᠨ ᠡᠮᠦᠨᠡᠬᠢ ᠬᠤᠭᠤᠴᠠᠭ᠎ᠠ ᠶᠢ ᠲᠦᠷᠭᠡᠳᠬᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢ ᠵᠠᠪᠳᠤᠨ ᠠᠳᠬᠤᠵᠤ᠂ ᠭᠤᠣᠯᠳᠠᠯᠭ᠎ᠠ ᠲᠠᠢ ᠲᠥᠷᠥᠯ ᠵᠦᠢᠯ ᠢ ᠦᠨᠡᠨ ᠬᠦ ᠠᠳᠬᠤᠵᠤ᠂ ᠨᠢᠳᠦᠨ ᠳᠤ | ᠦᠵᠡᠭᠳᠡᠮ᠎ᠡ ᠭᠠᠷᠳᠠᠮ᠂ ᠪᠡᠯᠡ ᠣᠷᠣᠭᠤᠯᠤᠯᠲᠠ᠂ ᠦᠢᠯᠡᠳᠬᠦᠨ ᠤ ᠥᠷᠲᠡᠭ ᠢ ᠭᠠᠷᠭᠠᠬᠤ ᠬᠡᠷᠡᠭᠲᠡᠢ᠃ | ᠬᠤᠷᠠᠯ ᠠᠴᠠ ᠴᠢᠩᠭᠠᠳᠬᠠᠭᠰᠠᠨ ᠨᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ | ᠠᠳᠬᠤᠬᠤ ᠳᠤ ᠂ ᠪᠣᠭᠤᠮᠲᠠ ᠰᠢᠪᠲᠤᠯᠬᠤ ᠳᠤᠮᠳᠠ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ ᠃ ︽ ᠬᠡᠨ | ᠤᠷᠢᠬᠤ︾ ᠂ ︽ ᠶᠠᠭᠤ ᠤᠷᠢᠬᠤ︾ ᠂ ︽ ᠶᠠᠭᠠᠬᠢᠵᠤ ᠤᠷᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ ᠂ | ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ ᠂ ᠬᠠᠷᠠᠯᠲᠠ ᠡᠭᠦᠷᠭᠡ ᠪᠠᠨ ᠪᠠᠲᠤ ᠡᠵᠡᠮᠳᠡᠵᠦ ᠂ | ᠠᠷᠭ᠎ᠠ ᠵᠠᠮ ᠤᠨ ᠰᠢᠨ᠎ᠡ ᠶᠢ ᠡᠭᠦᠳᠴᠦ ᠂ ᠪᠦᠬᠦ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠣᠨᠴᠠᠯᠢᠭ ᠲᠤ | ᠨᠡᠶᠢᠴᠡᠭᠰᠡᠨ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠪᠣᠯᠣᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ | ᠪᠦᠷᠢᠯᠳᠦᠭᠦᠯᠵᠦ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ ᠨᠢᠭᠡ ᠬᠥᠯᠭᠡ ᠰᠢᠲᠠᠷ᠎ᠠ ︾ ᠶᠢ ᠠᠮᠢᠳᠤᠯᠢᠭ | ᠪᠣᠯᠭᠠᠬᠤ ᠬᠡᠷᠡᠭᠲᠡᠢ ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠂ ᠰᠡᠷᠡᠵᠦ ᠮᠡᠳᠡᠵᠦ | ᠪᠣᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ ᠃ ︽ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ ᠪᠠᠲᠤᠳᠬᠠᠨ ᠳᠡᠭᠡᠭᠰᠢᠯᠡᠭᠦᠯᠬᠦ ᠣᠨ ᠤ ᠠᠵᠢᠯᠯᠠᠭ᠎ᠠ ︾ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ | ᠶᠢ ᠰᠠᠶᠢᠲᠤᠷ ᠠᠳᠬᠤᠵᠤ ᠂ ︽ ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ ︾ ᠂ ︽ ᠶᠡᠷᠦᠩᠬᠡᠶᠢᠯᠡᠭᠰᠡᠨ ᠨᠢᠭᠡ | ᠴᠣᠩᠬᠤ ︾ ᠂ ︽ ᠬᠦᠷᠢᠶᠡᠯᠡᠩ ᠲᠣᠭᠤᠷᠢᠭ ᠤᠨ ᠦᠢᠯᠡᠴᠢᠯᠡᠭᠡ ︾ ᠶᠢ ᠲᠣᠬᠢᠷᠠᠭᠤᠯᠤᠨ ᠰᠢᠯᠢᠳᠡᠭᠵᠢᠭᠦᠯᠵᠦ ᠂ | ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠂ ︽ ᠬᠠᠤᠯᠢ ᠬᠡᠷᠡᠭᠵᠢᠭᠦᠯᠬᠦ ᠬᠤᠣᠰ ᠮᠡᠳᠡᠭᠦᠯᠦᠯᠲᠡ ᠂ ᠪᠦᠬᠦ | ᠶᠠᠪᠤᠴᠠ ᠶᠢᠨ ᠬᠢᠨᠠᠨ ᠵᠢᠯᠤᠭᠤᠳᠬᠤ ᠲᠣᠭᠲᠠᠴᠠ ︾ ᠶᠢ ᠰᠠᠶᠢᠲᠤᠷ ᠬᠡᠷᠡᠭᠵᠢᠭᠦᠯᠦᠨ ᠨᠠᠶᠢᠳᠠᠪᠤᠷᠢᠵᠢᠭᠤᠯᠵᠤ ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠪᠦᠬᠦ ᠲᠠᠯ᠎ᠠ | ᠪᠠᠷ ᠠᠬᠢᠭᠤᠯᠬᠤ ᠬᠡᠷᠡᠭᠲᠡᠢ ᠃ ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠢ ᠬᠥᠭᠵᠢᠭᠦᠯᠬᠦ ᠳᠤ ᠭᠤᠣᠯᠳᠠᠯᠭ᠎ᠠ ᠲᠠᠢ | ᠴᠡᠭ ᠳᠡᠭᠡᠷ᠎ᠡ ᠰᠢᠪᠲᠤᠯᠤᠯᠲᠠ ᠭᠠᠷᠭᠠᠬᠤ ᠬᠡᠷᠡᠭᠲᠡᠢ ᠃ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠳᠠᠭᠠᠭᠠᠴᠢᠯᠠᠯᠲᠠ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠲᠠᠷᠠᠬᠠᠢ ᠪᠤᠲᠠᠷᠬᠠᠢ ᠦᠢᠯᠡᠴᠢᠯᠡᠭᠡᠨ ᠤ ᠦᠢᠯᠡᠰ ᠤᠨ ᠲᠥᠷᠥᠯᠵᠢᠭᠦᠯᠦᠯ ᠢ ᠡᠮᠬᠢᠯᠡᠨ | ᠨᠡᠶᠢᠯᠡᠭᠦᠯᠬᠦ ᠶᠢ ᠲᠦᠷᠭᠡᠳᠬᠡᠨ ᠠᠬᠢᠭᠤᠯᠵᠤ᠂ ᠬᠠᠷᠠᠯᠲᠠᠲᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠡᠯ᠎ᠡ ᠬᠦᠷᠢᠶᠡᠨ ᠤ ᠦᠢᠯᠡᠴᠢᠯᠡᠭᠡᠨ ᠤ ᠦᠢᠯᠡᠰ ᠢ ᠪᠣᠳᠠᠲᠠᠢ ᠠᠳᠬᠤᠵᠤ ᠰᠠᠶᠢᠲᠤᠷ | ᠠᠳᠬᠤᠬᠤ ᠶᠢᠨ ᠬᠠᠮᠲᠤ᠂ ᠨᠠᠩ ᠣᠯᠠᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠺᠠᠶᠢᠯᠤ ᠳᠤ ᠪᠦᠬᠦ | ᠰᠢᠶᠠᠨ ᠢᠶᠠᠷ ᠢᠶᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ ᠂ ᠬᠠᠷᠠᠯᠲᠠ ᠪᠠᠨ ᠲᠣᠭᠲᠠᠭᠠᠵᠤ ᠂ | ᠢᠲᠡᠭᠡᠯ ᠵᠣᠷᠢᠭ ᠢᠶᠠᠨ ᠪᠠᠲᠤᠳᠬᠠᠨ ᠂ ᠶᠡᠬᠡᠪᠡᠷ ᠠᠵᠢᠯᠯᠠᠵᠤ ᠲᠦᠷᠭᠡᠨ ᠤᠷᠤᠭᠰᠢᠯᠠᠵᠤ ᠂ ᠰᠠᠶᠢᠨ ᠡᠬᠢᠯᠡᠯᠲᠡ ᠲᠠᠢ | ᠪᠣᠯᠵᠤ ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠢᠩ ᠯᠢ ᠴᠦᠨ ︽ | ᠺᠠᠶᠢᠯᠤ ᠰᠢᠶᠠᠨ ᠤ ᠶᠡᠷᠦᠩᠬᠡᠶᠢᠯᠡᠭᠰᠡᠨ ᠠᠵᠤ ᠠᠬᠤᠢ ᠶᠢᠨ ᠭᠦᠢᠴᠡᠳᠬᠡᠯ ᠲᠣᠭᠠᠨ ᠤ ᠰᠢᠰᠲ᠋ᠧᠮ ᠤᠨ ᠬᠢᠨᠠᠨ ᠬᠡᠮᠵᠢᠬᠦ | ᠠᠵᠢᠯ ᠤᠨ ᠬᠤᠪᠢᠶᠠᠷᠢᠯᠠᠯ ᠤᠨ ᠲᠥᠰᠥᠯ︾ ᠂ ︽ᠺᠠᠶᠢᠯᠤ ᠰᠢᠶᠠᠨ ᠤ 2025 ᠣᠨ ᠤ ᠳᠡᠭᠡᠳᠦ ᠱᠠᠲᠤᠨ ᠤ | ᠵᠦᠢᠯᠡᠰ ᠤᠨ ᠪᠡᠯᠡ ᠮᠥᠩᠭᠦ ᠶᠢ ᠲᠡᠮᠡᠴᠡᠨ ᠣᠯᠬᠤ ᠠᠵᠢᠯ ᠤᠨ ᠬᠢᠨᠠᠨ ᠰᠢᠯᠭᠠᠬᠤ ᠲᠥᠰᠥᠯ︾ ᠂ ︽ᠺᠠᠶᠢᠯᠤ ᠰᠢᠶᠠᠨ ᠤ | 2025 ᠣᠨ ᠤ ᠭᠤᠣᠯᠳᠠᠯᠭ᠎ᠠ ᠲᠠᠢ ᠵᠦᠢᠯᠡᠰ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢ | ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠥᠰᠥᠯ︾ ᠳᠤ ᠲᠠᠶᠢᠯᠤᠮᠵᠢ ᠬᠢᠭᠰᠡᠨ ᠪᠥᠭᠡᠳ ᠠᠵᠤ ᠠᠬᠤᠢ ᠶᠢᠨ | ᠠᠵᠢᠯᠯᠠᠭᠠᠨ ᠵᠢᠴᠢ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠤᠬᠠᠢ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ︔ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠠᠩ ᠡᠾᠦ᠋ᠢ ᠮᠢᠨ ︽ ᠺᠠᠶᠢᠯᠤ ᠰᠢᠶᠠᠨ ᠤ 2025 ᠣᠨ ᠤ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠪᠠᠬᠢᠵᠢᠭᠦᠯᠦᠨ ᠳᠡᠭᠡᠭᠰᠢᠯᠡᠭᠦᠯᠬᠦ ᠣᠨ ᠤ | ᠠᠵᠢᠯᠯᠠᠭ᠎ᠠ ᠶᠢᠨ ᠲᠥᠰᠥᠯ ︾ ᠢ ᠲᠠᠶᠢᠯᠪᠤᠷᠢᠯᠠᠬᠤ ᠶᠢᠨ ᠬᠠᠮᠲᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ ︔ ᠰᠢᠶᠠᠨ ᠤ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠶᠠᠩ ᠼᠦᠨ ᠰᠢᠸ ︽ᠺᠠᠶᠢᠯᠤ ᠰᠢᠶᠠᠨ ᠤ 2025 ᠣᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ ᠤ | ᠬᠡᠷᠡᠭᠵᠢᠭᠦᠯᠬᠦ ᠲᠥᠰᠥᠯ︾ ᠳᠤ ᠲᠠᠶᠢᠯᠤᠮᠵᠢ ᠬᠢᠭᠰᠡᠨ ᠪᠥᠭᠡᠳ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠬᠤᠷᠠᠯ ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠂ ᠰᠢᠶᠠᠨ ᠳᠤ ᠰᠠᠭᠤᠭ᠎ᠠ ᠬᠡᠰᠡᠭ ᠲᠥᠪ ᠥᠪᠡᠷᠲᠡᠭᠡᠨ ᠵᠠᠰᠠᠬᠤ ᠣᠷᠣᠨ | ᠬᠤᠳᠠ ᠶᠢᠨ ᠰᠢᠭᠤᠳ ᠬᠠᠷᠢᠶ᠎ᠠ ᠡᠯ᠎ᠡ ᠨᠢᠭᠡᠴᠢ ᠶᠢᠨ ᠭᠤᠣᠯ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠢ ᠳᠤ | ᠬᠤᠷᠠᠯ ᠳᠤ ᠣᠷᠣᠯᠴᠠᠵᠤ ᠂ ᠡᠯ᠎ᠡ ᠪᠠᠯᠭᠠᠰᠤ ᠲᠠᠯᠠᠪᠠᠢ ᠶᠢᠨ ᠨᠠᠮ ᠵᠠᠰᠠᠭ ᠤᠨ ᠪᠠᠭ ᠤᠨ ᠪᠦᠷᠢᠯᠳᠦᠭᠦᠨ ᠂ ᠡᠯ᠎ᠡ | ᠲᠣᠰᠬᠤᠨ ᠤ ᠨᠠᠮ ᠤᠨ ᠡᠭᠦᠷ ᠤᠨ ᠱᠦᠵᠢ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ ᠃ ︵ | ᠸᠠᠩ ᠱᠤᠸᠠᠢ᠂ ᠵᠠᠩ ᠮᠧᠢ ᠨᠠ︶ | |