ᠮᠠᠨ ᠤ ᠰᠢᠶᠠᠨ ᠭᠠᠪᠢᠶ᠎ᠠ ᠪᠠᠶᠢᠭᠤᠯᠵᠤ ᠱᠠᠩᠨᠠᠯ ᠭᠥᠷᠳᠡᠭᠰᠡᠨ ᠴᠡᠷᠢᠭ ᠤᠨ ᠭᠡᠷ ᠪᠦᠯᠢ ᠳᠤ ᠪᠠᠶᠠᠷ ᠤᠨ ᠮᠡᠳᠡᠭᠡ ᠬᠦᠷᠭᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/2/24
      2 ᠰᠠᠷ᠎ᠠ ᠶᠢᠨ 21 ᠤ ᠡᠳᠦᠷ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ  ᠤᠨ ᠲᠣᠪᠴᠢᠶ᠎ᠠ ᠲᠠᠢ ᠬᠠᠮᠲᠤᠷᠠᠨ ᠮᠠᠨ ᠤ ᠰᠢᠶᠠᠨ ᠤ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠴᠡᠷᠢᠭ ᠤᠨ ᠭᠡᠷ ᠪᠦᠯᠢ ᠳᠤ ᠪᠠᠶᠠᠷ  ᠤᠨ ᠮᠡᠳᠡᠭᠡ ᠲᠥᠪᠯᠡᠷᠡᠭᠦᠯᠦᠨ ᠬᠦᠷᠭᠡᠬᠦ ᠶᠣᠰᠣᠯᠠᠯ ᠶᠠᠪᠤᠭᠤᠯᠪᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ  ᠤᠨ ᠺᠣᠮᠢᠰᠰᠠᠷ ᠲᠢᠶᠠᠨ ᠱᠢ ᠵᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
f2e22e8d9963e79e9098a60a8ff22b3a_W020250224359805498359.png
      ᠲᠢᠶᠠᠨ ᠱᠢ ᠵᠧᠨ ᠴᠢᠩᠭᠠᠳᠬᠠᠭᠰᠠᠨ ᠨᠢ᠂ ᠭᠠᠪᠢᠶ᠎ᠠ ᠪᠠᠶᠢᠭᠤᠯᠵᠤ ᠱᠠᠩᠨᠠᠯ ᠭᠥᠷᠳᠡᠭᠰᠡᠨ ᠴᠡᠷᠢᠭ ᠤᠨ ᠬᠥᠮᠥᠨ ᠨᠢᠭᠡᠪᠦᠷᠢ ᠪᠣᠯ ᠴᠥᠮ ᠤᠯᠤᠰ ᠤᠨ ᠭᠠᠪᠢᠶᠠᠲᠠᠨ᠂ ᠨᠡᠶᠢᠭᠡᠮ ᠤᠨ ᠲᠤᠯᠭᠠᠭᠤᠷᠢ ᠬᠦᠴᠦᠨ ᠮᠥᠨ᠂ ᠨᠠᠩ ᠴᠤ ᠪᠢᠳᠡᠨ ᠤ ᠬᠦᠨᠳᠦᠳᠬᠡᠭᠦᠰᠢᠲᠡᠢ ᠬᠤᠰᠢᠭᠤᠴᠢ ᠵᠢᠱᠢᠶᠡᠴᠢ ᠮᠥᠨ᠃ ᠲᠡᠳᠡᠨ ᠤ ᠲᠡᠷᠢᠭᠦᠨ  ᠤ ᠦᠢᠯᠡ ᠠᠵᠢᠯᠯᠠᠭ᠎ᠠ ᠶᠢ ᠤᠬᠠᠭᠤᠯᠪᠠᠯ᠂ ᠭᠡᠷ ᠪᠦᠯᠢ ᠶᠢᠨ ᠬᠢᠨ ᠳᠤ ᠡᠨᠡ ᠬᠦ ᠢᠷᠠᠭᠤ ᠠᠯᠳᠠᠷ ᠢ ᠡᠳ᠋ᠯᠡᠭᠦᠯᠬᠦ ᠪᠠᠷ ᠪᠠᠷᠠᠬᠤ ᠦᠭᠡᠢ᠂ ᠨᠡᠩ ᠴᠤ ᠪᠦᠬᠦ ᠨᠡᠶᠢᠭᠡᠮ  ᠳᠤ ᠴᠡᠷᠢᠭ ᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠦᠵᠡᠯᠲᠡ ᠪᠣᠯᠣᠨ ᠴᠡᠷᠢᠭ ᠢᠶᠠᠨ ᠬᠦᠷᠢᠶᠡᠯᠡᠬᠦ ᠰᠡᠳᠬᠢᠯᠭᠡ ᠶᠢ ᠪᠦᠲᠦᠮᠵᠢᠲᠡᠢ ᠳᠡᠭᠡᠭᠰᠢᠯᠡᠭᠦᠯᠵᠦ ᠴᠢᠳᠠᠨ᠎ᠠ ᠃ ᠡᠭᠦᠨ ᠤ ᠬᠠᠮᠲᠤ ᠂ ᠥᠷᠭᠡᠨ ᠤᠯᠠᠨ ᠵᠣᠬᠢᠬᠤ ᠨᠠᠰᠤᠨ ᠤ ᠵᠠᠯᠠᠭᠤᠴᠤᠳ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠪᠠᠷ ᠴᠤᠤᠷᠢᠶᠠᠲᠤᠨ ᠳᠠᠭᠠᠵᠤ ᠂ ᠢᠳᠡᠪᠬᠢᠲᠡᠢ ᠪᠠᠷ ᠴᠡᠷᠢᠭ  ᠲᠤ ᠣᠷᠣᠬᠤ ᠪᠠᠷ ᠨᠡᠷ᠎ᠡ ᠮᠡᠳᠡᠭᠦᠯᠵᠦ ᠂ ᠴᠡᠷᠢᠭ ᠤᠨ ᠬᠤᠸᠠᠷᠠᠨ ᠳᠤ ᠭᠠᠪᠢᠶ᠎ᠠ ᠪᠠᠶᠢᠭᠤᠯᠬᠤ ᠶᠢ ᠤᠷᠢᠶᠠᠯᠠᠪᠠ ᠃
44ffed5cbcc2b087555259fab9f38d95_W020250224359805527066.png
      ᠶᠣᠰᠣᠯᠠᠯ ᠳᠡᠭᠡᠷ᠎ᠡ ᠂ ᠬᠤᠶᠠᠷ ᠵᠢᠩᠬᠢᠨᠢ ᠠᠯᠪᠠᠨ ᠤ ᠴᠡᠷᠢᠭ ᠪᠣᠯᠣᠨ ᠨᠢᠭᠡ ᠴᠡᠷᠢᠭ ᠤᠨ ᠭᠡᠷ ᠪᠦᠯᠢ ᠶᠢᠨ ᠲᠥᠯᠥᠭᠡᠯᠡᠭᠴᠢ ᠶᠠᠷᠢᠶ᠎ᠠ ᠲᠠᠯᠪᠢᠵᠤ ᠂ ᠲᠡᠳᠡᠨ  ᠤ ᠰᠡᠳᠬᠢᠯ ᠤᠨ ᠦᠭᠡ ᠪᠣᠯᠣᠨ ᠦᠯᠢᠭᠡᠷ ᠢ ᠬᠤᠪᠢᠶᠠᠯᠴᠠᠪᠠ ᠃ ᠲᠢᠶᠠᠨ ᠱᠢ ᠵᠧᠨ ᠨᠠᠷ ᠱᠠᠩᠨᠠᠯ ᠭᠥᠷᠳᠡᠭᠰᠡᠨ 11 ᠴᠡᠷᠢᠭ ᠤᠨ ᠭᠡᠷ ᠪᠦᠯᠢ ᠶᠢᠨ ᠲᠥᠯᠥᠭᠡᠯᠡᠭᠴᠢᠳ  ᠲᠤ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠪᠣᠯᠣᠨ ᠲᠣᠬᠤᠨᠢᠭᠤᠯᠬᠤ ᠮᠥᠩᠭᠦ ᠣᠯᠭᠤᠵᠤ ᠂ ᠴᠡᠷᠢᠭ ᠤᠨ ᠭᠡᠷ ᠪᠦᠯᠢ ᠶᠢᠨ  ᠬᠢᠨ ᠤ ᠤᠯᠤᠰ ᠪᠣᠯᠣᠨ ᠴᠡᠷᠢᠭ ᠠᠩᠭᠢ ᠳᠤ ᠰᠢᠯᠢᠳᠡᠭ ᠴᠢᠳᠠᠪᠤᠷᠢᠲᠠᠨ ᠬᠥᠮᠥᠵᠢᠭᠦᠯᠵᠦ ᠥᠭᠭᠦᠭᠰᠡᠨ ᠳᠤ ᠲᠠᠯᠠᠷᠬᠠᠪᠠ ᠃ ᠶᠣᠰᠣᠯᠠᠯ ᠳᠠᠭᠤᠰᠤᠭᠰᠠᠨ ᠤ ᠳᠠᠷᠠᠭ᠎ᠠ᠂ ᠰᠢᠶᠠᠨ  ᠤ ᠤᠯᠠᠭᠠᠨᠮᠥ᠋ᠴᠢᠷ  ᠤᠨ ᠡᠷᠦᠬᠡ  ᠶᠢᠨ ᠴᠡᠷᠢᠭ  ᠤᠨ ᠰᠠᠯᠠᠭ᠎ᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠠᠵᠢᠯᠯᠠᠭ᠎ᠠ ᠳᠤ ᠪᠠᠶᠠᠷ ᠬᠥᠷ ᠲᠠᠢ᠂ ᠪᠠᠶᠠᠷ ᠬᠥᠷ ᠲᠠᠢ ᠠᠭᠤᠷ ᠠᠮᠢᠰᠬᠤᠯ ᠢ ᠨᠡᠮᠡᠷᠢᠯᠡᠪᠡ᠃      ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠴᠡᠷᠢᠭ  ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ ᠂ ᠺᠠᠶᠢᠯᠤ ᠰᠢᠶᠠᠨ  ᠤ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ ᠃ ︵ ᠸᠠᠩ ᠱᠤᠸᠠᠢ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号