2 ᠰᠠᠷ᠎ᠠ ᠶᠢᠨ 6 ᠤ ᠡᠳᠦᠷ ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠰᠢᠶᠠᠨ ᠤ ᠳᠠᠷᠤᠭ᠎ᠠ ᠯᠢᠦ | ᠶᠠᠩ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 2025 ᠣᠨ ᠤ | ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠵᠤ᠂ ᠰᠢᠶᠠᠨ ᠤ ᠤᠳᠤᠷᠢᠳᠤᠯᠭ᠎ᠠ ᠵᠢᠩ | ᠯᠢ ᠴᠦᠨ ᠂ ᠶᠠᠩ ᠡᠾᠦ᠋ᠢ ᠮᠢᠨ ᠂ ᠼᠦᠢ ᠪᠦᠦ ᠯᠠᠢ ᠂ ᠴᠠᠩ ᠪᠦᠦ ᠴᠧᠩ ᠂ ᠶᠠᠩ ᠼᠦᠨ ᠰᠢᠸ ᠂ ᠯᠢ ᠯᠢᠶᠠᠩ | ᠬᠤᠷᠠᠯ ᠳᠤ ᠣᠷᠣᠯᠴᠠᠪᠠ ᠃ | | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ | ᠦᠵᠡᠯ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ | ᠥᠪᠡᠷᠲᠡᠭᠡᠨ ᠵᠠᠰᠠᠬᠤ ᠣᠷᠣᠨ ᠂ ᠲᠦᠩᠯᠢᠶᠣᠣ ᠬᠤᠳᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠵᠡᠷᠭᠡ | ᠠᠭᠤᠯᠭ᠎ᠠ ᠶᠢ ᠲᠥᠪᠯᠡᠷᠡᠩᠭᠦᠢ ᠰᠤᠷᠤᠯᠴᠠᠪᠠ᠃ | ᠬᠤᠷᠠᠯ ᠠᠴᠠ ᠴᠢᠩᠭᠠᠳᠬᠠᠭᠰᠠᠨ ᠨᠢ᠂ 2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠪᠣᠯᠣᠨ᠎ᠠ ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ | ᠲᠥᠯᠥᠪᠵᠢᠭᠦᠯᠬᠦ ᠵᠢᠯ ᠪᠣᠯᠣᠨ᠎ᠠ ᠂ ᠮᠥᠨ ᠴᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ | ᠡᠬᠢᠯᠡᠯᠲᠡ ᠶᠢᠨ ᠵᠢᠯ ᠪᠣᠯᠣᠨ᠎ᠠ ᠃ ᠪᠦᠬᠦ ᠰᠢᠶᠠᠨ ᠢᠶᠠᠷ ᠢᠶᠠᠨ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠡᠨᠡ ᠵᠢᠯ ᠤᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ | ᠰᠢᠷᠭᠠᠭᠤ ᠠᠵᠢᠯᠯᠠᠬᠤ ᠶᠢ ᠲᠡᠷᠢᠭᠦᠨ ᠳᠤ ᠲᠠᠯᠪᠢᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠴᠢᠳᠠᠮᠠᠭᠠᠢ ᠪᠠᠷ | ᠠᠵᠢᠯᠯᠠᠵᠤ ᠂ ᠨᠢᠭᠡ ᠰᠡᠳᠬᠢᠯ ᠨᠢᠭᠡ ᠵᠣᠷᠢᠭ ᠢᠶᠠᠷ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠂ ᠴᠢᠩᠭ᠎ᠠ | ᠠᠳᠬᠤᠵᠤ ᠲᠦᠷᠭᠡᠨ ᠡᠷᠬᠢᠯᠡᠵᠦ ᠬᠥᠭᠵᠢᠯᠲᠡ ᠶᠢ ᠡᠷᠢᠯᠬᠢᠯᠡᠵᠦ᠂ ︽ ᠠᠷᠪᠠᠨ ᠲᠠᠪᠤᠳᠤᠭᠠᠷ ᠲᠠᠪᠤᠨ ᠵᠢᠯ ︾ ᠤᠨ | ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠵᠤ ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠂ ᠲᠦᠩᠯᠢᠶᠣᠣ ᠬᠤᠳᠠ ᠶᠢᠨ ᠬᠤᠶᠠᠷ ᠬᠤᠷᠠᠯ ᠠᠴᠠ | ᠲᠣᠭᠲᠠᠭᠠᠭᠰᠠᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠺᠠᠶᠢᠯᠤ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠬᠡᠷᠡᠭᠲᠡᠢ ᠃ | ᠬᠤᠷᠠᠯ ᠠᠴᠠ ︽ ᠺᠠᠶᠢᠯᠤ ᠰᠢᠶᠠᠨ ᠤ 2025 ᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢᠨ ᠠᠵᠢᠯ ᠤᠨ ᠲᠥᠰᠥᠯ ︾ ᠢ ᠰᠤᠳᠤᠯᠤᠨ ᠬᠢᠨᠠᠨ ᠵᠥᠪᠯᠡᠪᠡ ᠃ ᠬᠤᠷᠠᠯ ᠠᠴᠠ | ᠴᠢᠩᠭᠠᠳᠬᠠᠭᠰᠠᠨ ᠨᠢ᠂ ᠰᠢᠶᠠᠨ ᠤ ᠬᠡᠪᠴᠢᠶᠡᠨ ᠤ ᠪᠣᠳᠠᠲᠤ ᠪᠠᠶᠢᠳᠠᠯ ᠳᠤ ᠰᠠᠭᠤᠷᠢᠯᠠᠵᠤ ᠂ ᠤᠬᠠᠭᠤᠯᠤᠨ | ᠲᠠᠨᠢᠯᠴᠠᠭᠤᠯᠬᠤ ᠠᠷᠭ᠎ᠠ ᠪᠠᠷᠢᠯ ᠤᠨ ᠰᠢᠨ᠎ᠡ ᠶᠢ ᠡᠭᠦᠳᠴᠦ ᠂ ᠤᠬᠠᠭᠤᠯᠤᠨ ᠳᠡᠯᠭᠡᠷᠡᠭᠦᠯᠬᠦ ᠬᠠᠮᠲᠤᠷᠠᠯ ᠤᠨ ᠬᠦᠴᠦᠨ ᠢ | ᠴᠢᠩᠭᠠᠳᠬᠠᠵᠤ ᠂ ᠺᠠᠶᠢᠯᠤ ᠶᠢᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠠᠯᠳᠠᠷᠰᠢᠯ ᠪᠣᠯᠣᠨ ᠨᠥᠯᠥᠭᠡᠯᠡᠬᠦ | ᠬᠦᠴᠦᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠷ | ᠬᠥᠲᠥᠯᠥᠮᠵᠢ ᠪᠣᠯᠭᠠᠬᠤ ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ | ᠣᠶᠢᠯᠠᠭᠠᠭᠳᠠᠬᠤᠨ ᠢ ᠪᠠᠷᠢᠮᠲᠠᠯᠠᠵᠤ ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠴᠦ ᠲᠡᠰ | ᠳᠡᠪᠰᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ ᠂ ᠬᠤᠳᠠ ᠶᠢᠨ ᠳᠦᠷᠢ ᠲᠥᠷᠬᠦ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠪᠠᠷ ᠲᠤᠰᠤᠯᠲᠠ ᠪᠣᠯᠭᠠᠵᠤ ᠂ ᠪᠦᠬᠦ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠢᠶᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃ | | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃ | ᠲᠦᠩᠯᠢᠶᠣᠣ ᠶᠢᠨ ᠺᠠᠶᠢᠯᠤ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠮᠠ ᠹᠧᠩ ᠵᠢᠶᠦ᠋ᠨ᠂ | ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ | ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ | ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ︵ ᠵᠠᠩ ᠮᠧᠢ ᠨᠠ ᠂ | ᠶᠠᠩ ᠵᠢᠩ ᠰᠢᠨ ︶ | |