2 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ︽ᠲᠠᠷᠢᠶᠠᠯᠠᠩ | ᠮᠠᠯ ᠠᠵᠤ ᠠᠬᠤᠢ ᠬᠠᠷᠢᠯᠴᠠᠨ ᠨᠥᠬᠦᠪᠦᠷᠢᠯᠡᠵᠦ᠂ ᠳᠠᠷᠢᠵᠤ ᠲᠡᠵᠢᠭᠡᠬᠦ ᠶᠢ ᠤᠶᠠᠯᠳᠤᠭᠤᠯᠬᠤ︾ ᠵᠢᠴᠢ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠪᠠ᠃ ᠬᠤᠷᠠᠯ | ᠠᠴᠠ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ 2025 ᠣᠨ ᠤ ᠠᠯᠠᠰᠢᠨ ᠦᠬᠡᠷ᠂ | ᠠᠯᠠᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠲᠥᠰᠥᠯ ᠤᠨ ᠬᠤᠯᠪᠣᠭᠳᠠᠯ ᠪᠦᠬᠦᠢ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠵᠢᠴᠢ ᠡᠯ᠎ᠡ ᠪᠠᠯᠭᠠᠰᠤ ᠲᠠᠯᠠᠪᠠᠢ ᠶᠢᠨ ᠰᠡᠳᠬᠢᠮᠵᠢ ᠲᠥᠯᠥᠪᠯᠡᠭᠡ ᠶᠢ | ᠰᠣᠨᠣᠰᠤᠭᠰᠠᠨ ᠪᠥᠭᠡᠳ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠨᠠᠷᠢᠯᠢᠭᠵᠢᠭᠤᠯᠬᠤ ᠠᠵᠢᠯᠯᠠᠭᠠᠨ ᠤ ᠴᠢᠨᠠᠷᠲᠠᠢ | ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠴᠠᠩ ᠯᠢᠶᠠᠩ ᠬᠤᠷᠠᠯ ᠳᠤ ᠣᠷᠣᠯᠴᠠᠪᠠ᠃ | | | | | | ᠬᠤᠷᠠᠯ ᠠᠴᠠ ᠵᠢᠭᠠᠭᠰᠠᠨ ᠨᠢ᠂ ᠪᠦᠬᠦ ᠰᠢᠶᠠᠨ ᠢᠶᠠᠷ ᠢᠶᠠᠨ ᠣᠳᠣᠬᠠᠨ ᠤ ᠪᠠᠶᠢᠳᠠᠯ ᠳᠤ ᠵᠥᠪ ᠢᠶᠠᠷ ᠬᠠᠨᠳᠤᠵᠤ᠂ | ︽ᠳᠠᠷᠢᠵᠤ ᠲᠡᠵᠢᠭᠡᠬᠦ ᠶᠢ ᠤᠶᠠᠯᠳᠤᠭᠤᠯᠬᠤ︾ ᠶᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠤᠨ ᠠᠬᠤᠢ ᠪᠠᠶᠢᠳᠠᠯ ᠢ | ᠭᠦᠨᠵᠡᠭᠡᠢ ᠲᠠᠨᠢᠵᠤ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢᠨ ᠬᠤᠪᠢᠷᠠᠭᠤᠯᠤᠯᠲᠠ ᠶᠢᠨ ᠳᠠᠷᠤᠯᠲᠠ ᠪᠠ | ᠠᠵᠠ ᠲᠣᠬᠢᠶᠠᠯ᠂ ᠤᠯᠤᠰ ᠤᠨ ᠬᠤᠷᠸ᠎ᠠ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢᠨ ᠠᠰᠢᠭᠲᠠᠢ | ᠪᠠᠶᠢᠬᠤ᠂ ᠠᠯᠠᠰᠢᠨ ᠦᠬᠡᠷ ᠤᠨ ᠠᠵᠤ ᠦᠢᠯᠡᠰ ᠤᠨ ᠳᠣᠣᠷᠠᠳᠤ ᠲᠠᠰ ᠢ ᠰᠢᠭᠰᠢᠭᠳᠡᠭᠦᠯᠬᠦ ᠪᠠ ᠳᠠᠬᠢᠨ ᠰᠢᠭᠰᠢᠨ | ᠴᠡᠪᠡᠷᠯᠡᠬᠦ ᠠᠵᠠ ᠲᠣᠬᠢᠶᠠᠯ᠂ ᠠᠯᠠᠰᠢᠨ ᠬᠤᠨᠢᠨ ᠤ ᠬᠠᠰᠢᠶᠠᠯᠠᠨ ᠲᠡᠵᠢᠭᠡᠬᠦ ᠠᠵᠤ ᠦᠢᠯᠡᠰ ᠢ ᠬᠥᠭᠵᠢᠭᠦᠯᠬᠦ | ᠳᠠᠪᠠᠭᠤᠯᠢᠭ ᠲᠠᠯ᠎ᠠ ᠶᠢ ᠣᠨᠣᠪᠴᠢᠲᠠᠶ ᠡᠵᠡᠮᠳᠡᠵᠦ᠂ ᠲᠠᠷᠢᠶᠠᠴᠢᠨ ᠡᠷᠦᠬᠡ ᠶᠢᠨ ᠲᠡᠵᠢᠭᠡᠨ ᠦᠷᠡᠵᠢᠭᠦᠯᠬᠦ ᠦᠢᠯᠡᠰ ᠢ | ᠬᠥᠭᠵᠢᠭᠦᠯᠬᠦ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ᠃ | ᠬᠤᠷᠠᠯ ᠠᠴᠠ ᠴᠢᠩᠭᠠᠳᠬᠠᠭᠰᠠᠨ ᠨᠢ᠂ ᠠᠯᠠᠰᠢᠨ ᠦᠬᠡᠷ ᠤᠨ ᠠᠵᠤ ᠦᠢᠯᠡᠰ ᠤᠨ ᠲᠠᠯ᠎ᠠ ᠪᠠᠷ᠂ ᠤᠷᠢᠳᠠᠪᠠᠷ | ᠪᠠᠶᠢᠴᠠᠭᠠᠨ ᠰᠤᠳᠤᠯᠤᠯᠲᠠ ᠬᠢᠬᠦ ᠶᠢ ᠪᠠᠷᠢᠮᠲᠠᠯᠠᠨ᠂ ᠠᠵᠤ ᠦᠢᠯᠡᠰ ᠤᠨ ᠦᠨ᠎ᠡ ᠬᠠᠩᠰᠢ ᠶᠢᠨ ᠬᠤᠪᠢᠷᠠᠯᠲᠠ ᠶᠢᠨ | ᠬᠠᠨᠳᠤᠰᠢ ᠶᠢ ᠪᠥᠬᠦ ᠲᠠᠯ᠎ᠠ ᠪᠠᠷ ᠣᠶᠢᠯᠠᠭᠠᠵᠤ᠂ ᠬᠠᠷᠢᠶᠠᠲᠤ ᠣᠷᠣᠨ ᠪᠠ ᠡᠷᠦᠬᠡ ᠪᠦᠷᠢ ᠠᠯᠠᠰᠢᠨ ᠦᠬᠡᠷ ᠲᠡᠵᠢᠭᠡᠨ | ᠦᠷᠡᠵᠢᠭᠦᠯᠵᠦ ᠪᠠᠶᠢᠭ᠎ᠠ ᠨᠠᠷᠢᠨ ᠪᠠᠶᠢᠳᠠᠯ ᠢ ᠨᠠᠷᠢᠯᠢᠭᠵᠢᠭᠤᠯᠤᠨ ᠣᠶᠢᠯᠠᠭᠠᠵᠤ᠂ ᠴᠢᠭᠯᠡᠭᠦᠯᠬᠦ ᠴᠢᠨᠠᠷᠲᠠᠢ ᠪᠠᠷ ᠥᠪᠡᠷ | ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠪᠣᠳᠠᠲᠠᠢ ᠬᠠᠪᠰᠤᠷᠤᠨ ᠲᠡᠳᠬᠦᠬᠦ ᠲᠥᠯᠥᠪᠯᠡᠭᠡ ᠶᠢ | ᠲᠣᠭᠲᠠᠭᠠᠬᠤ ᠬᠡᠷᠡᠭᠲᠡᠢ︔ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠡᠮᠬᠢᠯᠡᠨ ᠬᠤᠷᠢᠶᠠᠩᠭᠤᠶᠢᠯᠠᠵᠤ | ᠨᠠᠶᠢᠷᠠᠭᠤᠯᠤᠨ ᠵᠣᠬᠢᠶᠠᠵᠤ᠂ ᠭᠠᠵᠠᠷ ᠬᠡᠷᠡᠭᠯᠡᠬᠦ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠬᠦᠴᠦᠨ ᠵᠦᠢᠯ ᠤᠨ | ᠪᠠᠲᠤᠯᠠᠭ᠎ᠠ ᠶᠢ ᠴᠢᠩᠭᠠᠳᠬᠠᠨ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ︽ᠬᠠᠮ ᠠᠷᠭ᠎ᠠ | ︾ ᠶᠢ ᠰᠠᠶᠢᠲᠤᠷ ᠠᠳᠬᠤᠬᠤ ᠬᠡᠷᠡᠭᠲᠡᠢ︔ ᠦᠨᠡᠨ ᠪᠣᠳᠠᠲᠠᠢ ᠪᠠᠷ ᠲᠥᠯᠥᠪᠵᠢᠭᠦᠯᠵᠦ ᠂ ᠰᠢᠶᠠᠨ ᠤ ᠳᠣᠲᠣᠷᠠᠬᠢ | ᠪᠠᠷᠢᠮᠵᠢᠶᠠᠵᠢᠭᠰᠠᠨ ᠰᠠᠭᠤᠷᠢᠨ ᠤ ᠡᠬᠢ ᠡᠭᠦᠰᠦᠯ ᠤᠨ ᠬᠠᠮᠢᠶᠠᠷᠤᠯᠲᠠ ᠶᠢ ᠠᠬᠢᠭᠤᠯᠵᠤ ᠂ ᠲᠤᠰᠬᠠᠢ ᠮᠡᠷᠭᠡᠵᠢᠯᠲᠡᠨ ᠤ | ᠪᠦᠯᠬᠦᠮ ᠢ ᠤᠷᠢᠵᠤ ︽ ᠰᠠᠶᠢᠨ ᠡᠪᠡᠰᠦ ᠰᠠᠶᠢᠨ ᠠᠮᠤ ᠪᠠᠷ ᠰᠠᠶᠢᠨ ᠦᠬᠡᠷ ᠤᠨ ᠮᠢᠬ᠎ᠠ ᠶᠢ ᠪᠣᠶᠢᠵᠢᠭᠤᠯᠬᠤ ︾ ᠲᠦᠷᠦᠯ | ᠲᠡᠮᠳᠡᠭ ᠤᠨ ᠦᠭᠡ ᠶᠠᠷᠢᠶᠠᠨ ᠤ ᠰᠢᠰᠲ᠋ᠧᠮ ᠢ ᠤᠬᠠᠭᠠᠯᠠᠵᠤ ᠂ ᠰᠤᠯᠠ ᠢᠳᠡᠭᠡᠨ ᠤ ᠠᠵᠤ ᠦᠢᠯᠡᠰ ᠂ ᠢᠳᠡᠭᠡᠨ | ᠤᠮᠳᠠᠭᠠᠨ ᠤ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ ᠂ ᠺᠠᠶᠢᠯᠤ | ᠦᠬᠡᠷ ᠤᠨ ᠮᠢᠬᠠᠨ ᠤ ᠲᠦᠷᠦᠯ ᠲᠡᠮᠳᠡᠭ ᠢ ᠤᠯᠠᠮᠵᠢᠯᠠᠵᠤ ᠂ ᠦᠷᠳᠡᠭ ᠢ ᠨᠢ ᠳᠡᠭᠡᠭᠰᠢᠯᠡᠭᠦᠯᠬᠦ ᠬᠡᠷᠡᠭᠲᠡᠢ ᠃ ᠠᠯᠠᠰᠢᠨ | ᠬᠤᠨᠢᠨ ᠤ ᠠᠵᠤ ᠦᠢᠯᠡᠰ ᠤᠨ ᠲᠠᠯ᠎ᠠ ᠪᠠᠷ᠂ ᠲᠤᠰᠬᠠᠢ ᠮᠡᠷᠭᠡᠵᠢᠯᠲᠡᠨ ᠤ ᠪᠦᠯᠬᠦᠮ ᠢ ᠠᠯᠢ ᠲᠦᠷᠭᠡᠨ ᠢᠶᠠᠷ ᠤᠷᠢᠵᠤ | ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠵᠤ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠠᠯᠠᠰᠢᠨ ᠬᠤᠨᠢᠨ ᠤ | ᠠᠵᠤ ᠦᠢᠯᠡᠰ ᠤᠨ ᠬᠥᠭᠵᠢᠯᠲᠡ ᠶᠢᠨ ᠨᠠᠷᠢᠨ ᠪᠠᠶᠢᠳᠠᠯ ᠢ ᠨᠠᠷᠢᠯᠢᠭᠵᠢᠭᠤᠯᠤᠨ ᠣᠶᠢᠯᠠᠭᠠᠵᠤ᠂ ᠣᠷᠣᠰᠢᠵᠤ ᠪᠠᠶᠢᠭ᠎ᠠ | ᠠᠰᠠᠭᠤᠳᠠᠯ᠂ ᠬᠥᠭᠵᠢᠯᠲᠡ ᠶᠢᠨ ᠴᠢᠭᠯᠡᠯ᠂ ᠲᠡᠵᠢᠭᠡᠨ ᠦᠷᠡᠵᠢᠭᠦᠯᠬᠦ ᠵᠠᠭᠪᠤᠷ᠂ ᠲᠡᠵᠢᠭᠡᠬᠦ ᠠᠷᠭ᠎ᠠ ᠮᠠᠶ᠋ᠢᠭ᠂ ᠲᠡᠵᠢᠭᠡᠯ | ᠪᠣᠷᠳᠤᠭ᠎ᠠ ᠶᠢᠨ ᠲᠣᠬᠢᠷᠠᠭᠤᠯᠤᠯᠲᠠ ᠶᠢᠨ ᠬᠠᠷᠢᠴᠠᠯ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠳᠤ | ᠴᠢᠭᠯᠡᠭᠦᠯᠦᠨ ᠴᠢᠭᠯᠡᠭᠦᠯᠬᠦ ᠴᠢᠨᠠᠷᠲᠠᠢ ᠰᠠᠨᠠᠯ ᠰᠠᠨᠠᠭᠤᠯᠭ᠎ᠠ ᠶᠢ ᠪᠣᠶ ᠪᠣᠯᠭᠠᠵᠤ᠂ ᠠᠵᠤ ᠦᠢᠯᠡᠰ ᠤᠨ ᠬᠥᠭᠵᠢᠯᠲᠡ ᠳᠤ | ᠴᠢᠩᠭ᠎ᠠ ᠬᠦᠴᠦᠲᠡᠢ ᠵᠢᠯᠣᠭᠤᠳᠤᠯᠭ᠎ᠠ ᠬᠠᠩᠭᠠᠬᠤ ᠬᠡᠷᠡᠭᠲᠡᠢ᠃ ᠰᠠᠭᠤᠷᠢ ᠡᠮ᠎ᠡ ᠬᠤᠨᠢ ᠂ ᠪᠣᠷᠳᠣᠵᠤ ᠲᠠᠷᠭᠤᠯᠠᠭᠤᠯᠬᠤ | ᠵᠡᠷᠭᠡ ᠡᠯ᠎ᠡ ᠵᠦᠢᠯ ᠤᠨ ᠵᠠᠭᠪᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ ᠂ | ᠬᠡᠮᠵᠢᠶ᠎ᠡ ᠲᠠᠢ ᠪᠠᠷ ᠠᠷᠠᠴᠢᠯᠠᠨ ᠲᠡᠵᠢᠭᠡᠬᠦ ᠪᠠ ᠲᠡᠵᠢᠭᠡᠨ ᠠᠷᠠᠴᠢᠯᠠᠬᠤ ᠶᠢ ᠪᠠᠷᠢᠮᠵᠢᠶᠠᠵᠢᠭᠤᠯᠤᠨ ᠵᠢᠱᠢᠶ᠎ᠡ ᠦᠵᠡᠭᠦᠯᠬᠦ | ᠠᠵᠢᠯ ᠢ ᠥᠷᠨᠢᠭᠦᠯᠵᠦ ᠂ ᠲᠡᠵᠢᠭᠡᠯ ᠪᠣᠷᠳᠤᠭ᠎ᠠ ᠶᠢᠨ ᠲᠣᠬᠢᠷᠠᠭᠤᠯᠤᠯᠲᠠ ᠶᠢᠨ ᠬᠠᠷᠢᠴᠠᠯ ᠤᠨ ᠰᠢᠨᠵᠢᠯᠡᠬᠦ | ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠂ ᠲᠠᠷᠢᠶᠠᠴᠢᠨ ᠡᠷᠦᠬᠡ ᠳᠤ ᠦᠵᠡᠵᠦ ᠰᠤᠷᠴᠤ ᠪᠣᠯᠬᠤ | ᠵᠢᠱᠢᠶ᠎ᠡ ᠦᠵᠡᠭᠦᠯᠬᠦ ᠠᠵᠢᠯ ᠢ ᠬᠠᠩᠭᠠᠬᠤ ᠬᠡᠷᠡᠭᠲᠡᠢ ᠃ ᠠᠯᠠᠰᠢᠨ ᠬᠤᠨᠢ ᠶᠢ ᠨᠢᠲᠤᠯᠵᠤ ᠡᠳ᠋ᠰᠢᠭᠦᠯᠬᠦ ᠠᠵᠤ | ᠠᠬᠤᠶᠢᠯᠠᠯ ᠢ ᠶᠡᠬᠡᠪᠡᠷ ᠲᠡᠳᠬᠦᠵᠦ ᠪᠣᠶᠢᠵᠢᠭᠤᠯᠤᠨ᠂ ᠠᠯᠠᠰᠢᠨ ᠬᠤᠨᠢᠨ ᠤ ᠨᠠᠷᠠᠲᠤ ᠲᠡᠮᠳᠡᠭᠲᠦ ᠶᠢ ᠤᠬᠠᠭᠠᠯᠠᠨ ᠪᠣᠶ | ᠪᠣᠯᠭᠠᠵᠤ᠂ ᠵᠠᠭᠤᠴᠢᠯᠠᠭᠴᠢ ᠶᠢᠨ ᠡᠩᠨᠡᠭᠡ ᠪᠠ ᠢᠳᠡᠭᠡᠨ ᠤᠮᠳᠠᠭᠠᠨ ᠤ ᠠᠵᠤ ᠠᠬᠤᠶᠢᠯᠠᠯ ᠤᠨ ︽ᠬᠤᠶᠠᠷ ᠣᠯᠠᠨ | ᠨᠡᠶᠢᠲᠡ︾ ᠶᠢ ᠠᠮᠢᠳᠤᠯᠢᠭ ᠢᠶᠠᠷ ᠰᠠᠶᠢᠲᠤᠷ ᠬᠡᠷᠡᠭᠯᠡᠨ᠂ ᠬᠤᠨᠢ ᠪᠠ ᠮᠢᠬᠠᠨ ᠤ ᠦᠢᠯᠡᠰ ᠤᠨ ᠵᠠᠬ᠎ᠠ ᠳᠡᠯᠭᠡᠭᠦᠷ ᠢ | ᠲᠣᠳᠣᠷᠬᠠᠢ ᠣᠶᠢᠯᠠᠭᠠᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠰᠢᠭᠤᠳ ᠵᠣᠯᠭᠠᠭᠤᠯᠬᠤ ᠶᠢ ᠵᠣᠷᠢᠭᠵᠢᠭᠤᠯᠤᠨ | ᠲᠡᠳᠬᠦᠵᠦ᠂ ᠨᠠᠩ ᠣᠯᠠᠨ ᠬᠤᠨᠢ ᠶᠢ ᠬᠤᠨᠢᠨ ᠮᠢᠬᠠᠨ ᠤ ᠲᠠᠸᠠᠷ ᠪᠣᠯᠭᠠᠨ ᠬᠤᠪᠢᠷᠠᠭᠤᠯᠬᠤ ᠬᠡᠷᠡᠭᠲᠡᠢ᠃ ︵ᠰᠢᠶᠠᠨ ᠤ | ᠨᠠᠮ ᠤᠨ ᠬᠤᠷᠢᠶᠠᠨ ᠤ ᠠᠯᠪᠠᠨ ᠭᠡᠷ ᠠᠴᠠ ᠡᠬᠡ ᠪᠢᠴᠢᠭ ᠬᠠᠩᠭᠠᠪᠠ︶ | |