ᠴᠠᠭᠠᠨ ᠰᠠᠷ᠎ᠠ ᠶᠢᠨ ᠬᠤᠭᠤᠴᠠᠭᠠᠨ ᠳᠤ ᠂ ᠲᠠᠨ ᠤ ᠠᠮᠤᠷ ᠲᠦᠪᠰᠢᠨ ᠪᠠ ᠭᠡᠷ ᠪᠦᠯᠢ ᠶᠢᠨ ᠵᠣᠯ ᠵᠢᠷᠭᠠᠯ ᠤᠨ | ᠲᠥᠯᠥᠭᠡ ᠂ ᠳᠣᠣᠷᠠᠬᠢ ᠮᠡᠲᠦ ᠠᠮᠤᠷ ᠲᠦᠪᠰᠢᠨ ᠤ ᠵᠦᠢᠯᠡᠰ ᠢ ᠠᠩᠬᠠᠷᠤᠭᠠᠷᠠᠢ ︕ | ᠭᠠᠯ ᠤᠨ ᠠᠶᠤᠯ ᠢ ᠰᠡᠷᠭᠡᠶᠢᠯᠡᠬᠦ | ᠴᠠᠭᠢᠯᠭᠠᠨ ᠢ ᠠᠶᠤᠯᠭᠦᠢ ᠬᠡᠷᠡᠭᠯᠡᠬᠦ ᠄ ᠰᠢᠯᠵᠢᠮᠡᠯ ᠤᠭᠯᠠᠭᠤᠷᠭ᠎ᠠ ᠤᠭᠰᠠᠷᠠᠵᠤ ᠵᠠᠯᠭᠠᠬᠤ ᠦᠭᠡᠢ ᠂ | ᠳᠠᠭᠠᠭᠠᠴᠠ ᠠᠴᠠ ᠬᠡᠲᠦᠷᠡᠭᠦᠯᠦᠨ ᠬᠡᠷᠡᠭᠯᠡᠬᠦ ᠦᠭᠡᠢ ᠂ ᠬᠠᠭᠤᠴᠢᠷᠠᠭᠰᠠᠨ ᠲᠥᠬᠦᠭᠡᠷᠦᠮᠵᠢ ᠶᠢ ᠴᠠᠭ ᠲᠤᠬᠠᠢ ᠳᠤᠨᠢ | ᠰᠣᠯᠢᠬᠤ ᠬᠡᠷᠡᠭᠲᠡᠢ ᠃ | ᠴᠠᠭᠢᠯᠭᠠᠨ ᠭᠦᠳᠠᠯᠭᠡᠭᠦᠷᠳᠤ ᠲᠡᠷᠭᠡ ᠶᠢᠨ ᠬᠠᠮᠢᠶᠠᠷᠤᠯᠲᠠ ᠄ ᠲᠣᠭᠲᠠᠭᠠᠯ ᠢ ᠵᠥᠷᠢᠴᠡᠨ ᠴᠠᠭᠢᠯᠭᠠᠨ | ᠭᠦᠳᠠᠯᠭᠡᠭᠦᠷᠳᠤ ᠲᠡᠷᠭᠡ ᠶᠢ ᠵᠣᠭᠰᠤᠭᠠᠬᠤ ᠪᠤᠶᠤ ᠴᠠᠭᠢᠯᠭᠠᠨ ᠴᠡᠨᠡᠭᠯᠡᠬᠦ ᠠᠵᠢᠯᠯᠠᠭ᠎ᠠ ᠶᠢ ᠴᠢᠩᠭ᠎ᠠ ᠴᠠᠭᠠᠵᠠᠯᠠᠵᠤ ᠂ ᠲᠦᠷ | ᠴᠠᠭ ᠤᠨ ᠴᠠᠭᠢᠯᠭᠠᠨ ᠡᠭᠦᠰᠬᠡᠭᠴᠢ ᠂ ᠤᠭᠯᠠᠭᠤᠷᠭ᠎ᠠ ᠪᠠ ᠨᠡᠭᠡᠭᠡᠯᠭᠡ ᠵᠡᠷᠭᠡ ᠠᠷᠭ᠎ᠠ ᠮᠠᠶ᠋ᠢᠭ ᠢᠶᠠᠷ ᠴᠠᠭᠢᠯᠭᠠᠨ ᠴᠡᠨᠡᠭᠯᠡᠵᠦ | ᠪᠤᠯᠬᠤ ᠦᠭᠡᠢ ᠃ | ᠪᠠᠶᠠᠷ ᠳᠤᠷᠠᠰᠬᠠᠯ ᠤᠨ ᠡᠳᠦᠷ ᠤᠨ ᠴᠢᠮᠡᠭᠯᠡᠯ ᠄ ᠥᠩᠭᠡᠲᠦ ᠳ᠋ᠧᠩ ᠂ ᠬᠤᠸᠠᠷ ᠴᠡᠴᠡᠭ ᠢᠶᠠᠷ | ᠭᠤᠶᠣᠵᠢᠭᠤᠯᠬᠤ ᠳᠠᠭᠠᠨ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠶᠢ ᠪᠢᠲᠡᠭᠡᠢ ᠬᠠᠯᠬᠠᠯᠠ ᠂ ᠭᠠᠯ ᠤᠨᠲᠠᠷᠠᠭᠠᠬᠤ | ᠰᠦᠷᠴᠢᠭᠦᠷ ᠂ ᠤᠳᠤᠭ᠎ᠠ ᠶᠢᠨ ᠰᠡᠷᠡᠯ ᠤᠨ ᠬᠠᠶᠢᠭᠤᠷ ᠳᠡᠭᠡᠷ᠎ᠡ ᠡᠯᠭᠦᠵᠦ ᠪᠤᠯᠬᠤ ᠦᠭᠡᠢ ᠃ | ᠠᠮᠤᠷ ᠲᠦᠪᠰᠢᠨ ᠭᠠᠷᠬᠤ ᠡᠭᠦᠳᠡ ᠶᠢ ᠰᠠᠭᠠᠳ ᠦᠭᠡᠢ ᠨᠡᠪᠲᠡᠷᠡᠭᠦᠯᠬᠦ ᠄ ᠠᠮᠤᠷ ᠲᠦᠪᠰᠢᠨ ᠭᠠᠷᠬᠤ ᠡᠭᠦᠳᠡ ᠂ | ᠲᠠᠷᠬᠠᠭᠠᠬᠤ ᠨᠡᠪᠲᠡᠷᠡᠬᠦ ᠵᠠᠮ ᠪᠠ ᠭᠠᠯ ᠤᠨᠲᠠᠷᠠᠭᠠᠬᠤ ᠲᠡᠷᠭᠡᠨ ᠤ ᠵᠠᠮ ᠢ ᠡᠵᠡᠯᠡᠨ ᠬᠡᠷᠡᠭᠯᠡᠬᠦ ᠂ ᠪᠥᠭᠯᠡᠬᠦ ᠂ | ᠪᠢᠲᠡᠭᠦᠮᠵᠢᠯᠡᠬᠦ ᠶᠢ ᠴᠢᠩᠭ᠎ᠠ ᠴᠠᠭᠠᠵᠠᠯᠠᠵᠤ ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠪᠠ ᠭᠠᠯ ᠤᠨᠲᠠᠷᠠᠭᠠᠵᠤ | ᠠᠶᠤᠯ ᠠᠴᠠ ᠠᠪᠤᠷᠠᠬᠤ ᠶᠢ ᠬᠠᠷᠰᠢᠯᠠᠬᠤ ᠰᠠᠭᠠᠳ ᠢ ᠠᠷᠢᠯᠭᠠᠬᠤ ᠬᠡᠷᠡᠭᠲᠡᠢ ᠃ | ᠰᠢᠲᠠᠮᠠᠬᠠᠢ ᠬᠡᠢ ᠶᠢ ᠠᠶᠤᠯᠭᠦᠢ ᠬᠡᠷᠡᠭᠯᠡᠬᠦ | ᠰᠢᠲᠠᠮᠠᠬᠠᠢ ᠬᠡᠢ ᠬᠡᠷᠡᠭᠯᠡᠬᠦ ᠦᠶ᠎ᠡ ᠳᠤ ᠡᠭᠦᠳᠡ ᠴᠣᠩᠬᠤ ᠪᠠᠨ ᠨᠡᠭᠡᠭᠡᠨ ᠰᠠᠯᠬᠢ ᠨᠠᠪᠲᠠᠷᠡᠭᠦᠯᠵᠦ ᠂ ᠠᠭᠠᠷ ᠤᠨ | ᠰᠣᠯᠢᠯᠴᠠᠭ᠎ᠠ ᠶᠢ ᠪᠠᠲᠤᠯᠠᠬᠤ ᠬᠡᠷᠡᠭᠲᠡᠢ ᠃ ᠰᠢᠲᠠᠮᠠᠬᠠᠢ ᠬᠡᠢ ᠶᠢ ᠬᠡᠷᠡᠭᠯᠡᠵᠦ ᠪᠠᠷᠠᠭᠰᠠᠨ ᠤ ᠲᠠᠷᠠᠭ᠎ᠠ ᠂ ᠵᠤᠤᠬ᠎ᠠ ᠶᠢᠨ | ᠡᠮᠦᠨ᠎ᠡ ᠲᠠᠯ᠎ᠠ ᠶᠢᠨ ᠨᠡᠭᠡᠯᠡᠭᠡᠢ ᠶᠢ ᠬᠠᠭᠠᠬᠤ ᠬᠡᠷᠡᠭᠲᠡᠢ ᠃ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠤ | ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ ᠶᠢ ᠪᠠᠶᠢᠴᠠᠭᠠᠵᠤ ᠂ ᠬᠦᠴᠦᠨ ᠦᠭᠡᠢ ᠪᠣᠯᠤᠭᠰᠠᠨ ᠲᠦᠭᠰᠢᠭᠦᠷᠢ ᠶᠢ | ᠴᠠᠭ ᠲᠤᠬᠠᠢ ᠳᠤᠨᠢ ᠰᠣᠯᠢᠬᠤ ᠬᠡᠷᠡᠭᠲᠡᠢ ᠃ | ᠵᠠᠮ ᠬᠠᠷᠢᠯᠴᠠᠭᠠᠨ ᠤ ᠠᠮᠤᠷ ᠲᠦᠪᠰᠢᠨ | ᠠᠷᠢᠬᠢ ᠤᠤᠭᠤᠪᠠᠯ ᠲᠡᠷᠭᠡ ᠵᠢᠯᠤᠭᠤᠳᠬᠤ ᠦᠭᠡᠢ᠂ ᠶᠠᠳᠠᠷᠠᠭᠰᠠᠨ ᠪᠠᠶᠢᠳᠠᠯ ᠳᠤ ᠲᠡᠷᠭᠡ ᠵᠢᠯᠤᠭᠤᠳᠬᠤ ᠦᠭᠡᠢ ᠃ | ᠲᠡᠷᠭᠡ ᠪᠠᠨ ᠣᠨᠢᠰᠤᠯᠠᠭᠰᠠᠨ ᠤ ᠲᠠᠷᠠᠭ᠎ᠠ ᠡᠭᠦᠳᠡ ᠶᠢ ᠨᠢ ᠲᠠᠲᠠᠵᠤ ᠪᠠᠶᠢᠴᠠᠭᠠᠨ ᠦᠵᠡᠬᠦ ᠳᠠᠳᠬᠠᠯ ᠲᠠᠢ ᠪᠠᠶᠢᠬᠤ | ᠬᠡᠷᠡᠭᠲᠡᠢ ᠃ ᠲᠡᠷᠭᠡᠨ ᠳᠣᠲᠣᠷ᠎ᠠ ᠦᠨᠡᠲᠡᠢ ᠪᠣᠳᠠᠰ ᠲᠠᠯᠪᠢᠵᠤ ᠪᠤᠯᠬᠤ ᠦᠭᠡᠢ ᠃ | ᠢᠳᠠᠭᠡᠨ ᠤᠮᠳᠠᠭᠠᠨ ᠤ ᠠᠮᠤᠷ ᠲᠦᠪᠰᠢᠨ | ᠢᠳᠠᠭᠡᠨ ᠳᠤ ᠬᠤᠣᠷᠳᠠᠭᠳᠠᠬᠤ ᠠᠴᠠ ᠰᠡᠷᠭᠡᠶᠢᠯᠡᠨ ᠂ ᠬᠠᠯᠳᠠᠪᠤᠷᠢᠳᠤ ᠡᠪᠡᠳᠴᠢᠨ ᠢ ᠰᠡᠷᠭᠡᠶᠢᠯᠡᠵᠦ ᠂ | ᠰᠫᠢᠷᠲ ᠲᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ ᠃ | ᠡᠳ᠋ ᠮᠥᠩᠭᠦᠨ ᠤ ᠠᠮᠤᠷ ᠲᠦᠪᠰᠢᠨ | ᠡᠯ᠎ᠡ ᠵᠦᠢᠯ ᠤᠨ ᠮᠡᠬᠡᠯᠡᠯ ᠢ ᠰᠡᠷᠭᠡᠶᠢᠯᠡᠵᠦ ᠂ ᠡᠳ᠋ ᠬᠤᠭᠰᠢᠯ ᠢᠶᠠᠨ ᠬᠠᠮᠠᠭᠠᠯᠠᠬᠤ ᠶᠢ ᠴᠠᠭ ᠢᠮᠠᠭᠲᠠ | ᠠᠩᠬᠠᠷᠤᠭᠠᠷᠠᠢ ︕ | |