ᠰᠦ ᠰᠢᠷᠭᠢᠬᠦ ᠡᠬᠢᠨ ᠤ ᠬᠤᠭᠤᠴᠠᠭᠠᠨ ᠤ ᠲᠡᠵᠢᠭᠡᠯ ᠃ ᠳᠠᠩ ᠭᠠᠭᠴᠠ ᠡᠷᠳᠡᠨᠢ ᠰᠢᠰᠢ ᠶᠢᠨ ᠨᠣᠭᠤᠭᠠᠨ | ᠳᠠᠷᠤᠰᠢ ᠶᠢᠨ ᠡᠨᠧᠷᠭᠢ ᠨᠢ ᠬᠡᠲᠦᠷᠬᠡᠢ ᠥᠨᠳᠥᠷ ᠤᠴᠢᠷ ᠠᠴᠠ ᠰᠦ ᠰᠢᠷᠭᠢᠬᠦ ᠡᠬᠢᠨ ᠤ ᠬᠤᠭᠤᠴᠠᠭᠠᠨ ᠤ ᠰᠠᠭᠠᠯᠢ ᠶᠢᠨ | ᠦᠨᠢᠶᠡᠨ ᠳᠤ ᠲᠡᠶᠢᠮᠦ ᠴᠦ ᠲᠣᠬᠢᠷᠠᠬᠤ ᠡᠪᠡᠰᠦ ᠲᠡᠵᠢᠭᠡᠯ ᠪᠢᠰᠢ ᠶᠤᠮ ᠃ ᠬᠡᠷᠪᠡ ᠡᠷᠳᠡᠨᠢ ᠰᠢᠰᠢ ᠶᠢᠨ ᠨᠣᠭᠤᠭᠠᠨ | ᠳᠠᠷᠤᠰᠢ ︵ 35% ᠶᠢᠨ ᠬᠠᠭᠤᠷᠠᠢ ᠪᠣᠳᠠᠰ ᠪᠠᠭᠲᠠᠨ᠎ᠠ ︶ ᠪᠠᠷ ᠡᠷᠬᠡᠪᠰᠢ ᠲᠡᠵᠢᠭᠡᠬᠦ ᠴᠢᠬᠤᠯᠠᠲᠠᠢ ᠪᠣᠯ᠂ ᠲᠡᠵᠢᠭᠡᠬᠦ | ᠬᠡᠮᠵᠢᠶ᠎ᠡ ᠶᠢ ᠨᠣᠶᠢᠲᠠᠨ ᠬᠦᠨᠳᠦ ᠨᠢ 5 - 7 ᠺᠢᠯᠣᠭ᠍ᠷᠠᠮ ︵ ᠪᠠᠷᠤᠭ 2 - 2.5 ᠺᠢᠯᠣᠭ᠍ᠷᠠᠮ ᠤᠨ ᠬᠠᠭᠤᠷᠠᠢ ᠬᠦᠨᠳᠦ ︶ | ᠢᠶᠠᠷ ᠬᠢᠵᠠᠭᠠᠷᠯᠠᠵᠤ ᠂ ᠡᠷᠳᠡᠨᠢ ᠰᠢᠰᠢ ᠶᠢᠨ ᠨᠣᠭᠤᠭᠠᠨ ᠳᠠᠷᠤᠰᠢ ᠢᠳᠡᠭᠦᠯᠦᠭᠰᠡᠨ ᠰᠠᠭᠠᠯᠢ ᠶᠢᠨ ᠦᠨᠢᠶᠡᠨ ᠳᠤ | ᠲᠠᠷᠭᠤᠯᠠᠬᠤ ᠨᠡᠶᠢᠯᠡᠭ ᠭᠡᠮ ᠡᠭᠦᠰᠬᠦ ᠶᠢ ᠰᠡᠷᠭᠡᠶᠢᠯᠡᠬᠦ ᠴᠢᠬᠤᠯᠠᠲᠠᠢ ᠃ ᠰᠠᠭᠠᠯᠢ ᠶᠢᠨ ᠦᠨᠢᠶᠡᠨ ᠳᠤ ᠶᠡᠭᠡ ᠬᠡᠮᠵᠢᠶᠡᠨ ᠤ | ᠨᠠᠷᠢᠯᠢᠭ ᠪᠣᠷᠳᠤᠭ᠎ᠠ ᠵᠢᠴᠢ ︵ ᠪᠤᠶᠤ ︶ ᠡᠷᠳᠡᠨᠢ ᠰᠢᠰᠢ ᠶᠢᠨ ᠨᠣᠭᠤᠭᠠᠨ ᠳᠠᠷᠤᠰᠢ ᠪᠠᠷ ᠲᠡᠵᠢᠭᠡᠪᠡᠯ ᠬᠤᠳᠣᠭᠤᠳᠤᠨ ᠤ | ᠰᠢᠯᠵᠢᠯᠲᠡ ᠶᠢ ᠡᠭᠦᠰᠬᠡᠵᠦ ᠮᠡᠳᠡᠨ᠎ᠡ ᠃ ᠡᠭᠦᠨ ᠠᠴᠠ ᠭᠠᠳᠠᠨ᠎ᠠ ᠂ ᠡᠷᠳᠡᠨᠢ ᠰᠢᠰᠢ ᠶᠢᠨ ᠨᠣᠭᠤᠭᠠᠨ ᠳᠠᠷᠤᠰᠢ ᠶᠢᠨ | ᠬᠡᠮᠵᠢᠶ᠎ᠡ ᠶᠢ ᠬᠢᠵᠠᠭᠠᠷᠯᠠᠬᠤ ᠨᠢ ᠰᠠᠭᠠᠯᠢ ᠶᠢᠨ ᠦᠨᠢᠶᠡᠨ ᠤ ᠡᠳᠦᠷ ᠤᠨ ᠲᠡᠵᠢᠭᠡᠯ ᠳᠠᠬᠢ ᠺᠠᠯᠼ ᠂ ᠺᠠᠯᠢ ᠵᠢᠴᠢ | ᠤᠭᠤᠷᠠᠭ ᠤᠨ ᠬᠡᠮᠵᠢᠶ᠎ᠡ ᠶᠢ ᠲᠣᠬᠢᠷᠠᠭᠤᠯᠬᠤ ᠳᠤ ᠠᠰᠢᠭᠲᠠᠢ ᠪᠠᠶᠢᠳᠠᠭ ᠃ ᠪᠤᠷᠴᠠᠭ ᠤᠨ ᠢᠵᠠᠭᠤᠷ ᠤᠨ ᠤᠰᠤ ᠪᠠᠭ᠎ᠠ | ᠨᠣᠭᠤᠭᠠᠨ ᠳᠠᠷᠤᠰᠢ ᠨᠢ ᠴᠦ ᠰᠦ ᠰᠢᠷᠭᠢᠬᠦ ᠡᠬᠢᠨ ᠤ ᠬᠤᠭᠤᠴᠠᠭᠠᠨ ᠤ ᠰᠠᠭᠠᠯᠢ ᠶᠢᠨ ᠦᠨᠢᠶᠡᠨ ᠳᠤ ᠲᠡᠶᠢᠮᠦ ᠴᠦ | ᠲᠣᠬᠢᠷᠠᠬᠤ ᠡᠪᠡᠰᠦ ᠲᠡᠵᠢᠭᠡᠯ ᠪᠢᠰᠢ ᠶᠤᠮ ᠃ ᠬᠡᠷᠪᠡ ᠡᠷᠬᠡᠪᠰᠢ ᠤᠰᠤ ᠪᠠᠭ᠎ᠠ ᠨᠣᠭᠤᠭᠠᠨ ᠳᠠᠷᠤᠰᠢ ︵ ᠬᠠᠭᠤᠷᠠᠢ | ᠪᠣᠳᠠᠰ 45% ︶ ᠪᠠᠷ ᠲᠡᠵᠢᠭᠡᠬᠦ ᠳᠤ ᠬᠦᠷᠪᠡᠯ ᠂ ᠲᠡᠵᠢᠭᠡᠬᠦ ᠬᠡᠮᠵᠢᠶ᠎ᠡ ᠶᠢ 3 ᠠᠴᠠ 5 ᠺᠢᠯᠣᠭ᠍ᠷᠠᠮ ᠤᠨ ᠴᠢᠭᠢᠭᠯᠢᠭ ᠤᠨ | ᠬᠦᠨᠳᠦ ︵ ᠪᠠᠷᠤᠭ 1.5 ᠠᠴᠠ 2.0 ᠺᠢᠯᠣᠭ᠍ᠷᠠᠮ ᠤᠨ ᠬᠠᠭᠤᠷᠠᠢ ᠬᠦᠨᠳᠦ ︶ ᠪᠠᠷ ᠬᠢᠵᠠᠭᠠᠷᠯᠠᠨ᠎ᠠ ᠃ | ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠲᠡᠵᠢᠭᠡᠯ ᠃ ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ | ᠰᠠᠭᠠᠯᠢ ᠶᠢᠨ ᠦᠨᠢᠶ᠎ᠡ ᠭᠡᠳᠡᠭ ᠨᠢ ᠲᠤᠭᠤᠯᠯᠠᠬᠤ ᠠᠴᠠ ᠡᠮᠦᠨᠡᠬᠢ 21 ᠡᠳᠦᠷ ᠤᠨ ᠳᠣᠲᠣᠷᠠᠬᠢ ᠦᠨᠢᠶ᠎ᠡ ᠶᠢ ᠬᠡᠯᠡᠨ᠎ᠡ ᠃ | ᠰᠦ ᠰᠢᠷᠭᠢᠬᠦ ᠡᠬᠢᠨ ᠤ ᠬᠤᠭᠤᠴᠠᠭᠠᠨ ᠤ ᠰᠠᠭᠠᠯᠢ ᠶᠢᠨ ᠦᠨᠢᠶ᠎ᠡ ᠲᠠᠢ ᠬᠠᠷᠢᠴᠠᠭᠤᠯᠪᠠᠯ ᠂ ᠰᠦ ᠰᠢᠷᠭᠢᠬᠦ | ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠶᠢᠨ ᠢᠳᠡᠰᠢᠯᠡᠬᠦ ᠶᠡᠷᠦᠩᠬᠡᠢ ᠬᠡᠮᠵᠢᠶ᠎ᠡ ᠶᠢ 15% ᠪᠠᠷ | ᠪᠠᠭᠤᠷᠠᠭᠤᠯᠤᠨ᠎ᠠ ︵ ᠳᠠᠷᠤᠢ ᠨᠢᠭᠡ ᠲᠣᠯᠣᠭᠠᠢ 650 ᠺᠢᠯᠣᠭ᠍ᠷᠠᠮ ᠰᠠᠭᠠᠯᠢ ᠶᠢᠨ ᠦᠨᠢᠶ᠎ᠡ ᠶᠢᠨ ᠢᠳᠡᠰᠢᠯᠡᠬᠦ ᠬᠡᠮᠵᠢᠶ᠎ᠡ ᠶᠢ | 10 ᠠᠴᠠ 11 ᠺᠢᠯᠣᠭ᠍ᠷᠠᠮ ᠪᠠᠭᠠᠰᠬᠠᠨ᠎ᠠ ︶ ᠂ ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ | ᠦᠨᠢᠶ᠎ᠡ ᠶᠢᠨ ᠢᠳᠡᠰᠢᠯᠡᠬᠦ ᠳᠤᠮᠳᠠᠴᠢ ᠬᠡᠮᠵᠢᠶ᠎ᠡ ᠶᠢ ᠪᠡᠶ᠎ᠡ ᠶᠢᠨ ᠬᠦᠨᠳᠦ ᠶᠢᠨ 1.5% ᠠᠴᠠ 1.7% ᠪᠠᠷ | ᠪᠠᠭᠤᠷᠠᠭᠤᠯᠤᠨ᠎ᠠ ᠃ ᠰᠦ ᠰᠢᠷᠭᠢᠬᠦ ᠰᠠᠭᠠᠯᠢ ᠶᠢᠨ ᠦᠨᠢᠶᠡᠨ ᠤ ᠲᠤᠭᠤᠯᠯᠠᠬᠤ ᠠᠴᠠ ᠡᠮᠦᠨᠡᠬᠢ 2 ᠭᠠᠷᠠᠭ ᠠᠴᠠ 3 | ᠭᠠᠷᠠᠭ ᠤᠨ ᠬᠠᠭᠤᠷᠠᠢ ᠪᠣᠳᠠᠰ ᠢ ᠰᠢᠩᠭᠡᠬᠡᠨ ᠠᠪᠬᠤ ᠬᠡᠮᠵᠢᠶ᠎ᠡ ᠶᠢ ᠭᠠᠷᠠᠭ ᠪᠦᠷᠢ 5% ᠪᠠᠷ ᠪᠠᠭᠤᠷᠠᠭᠤᠯᠵᠤ ᠂ | ᠬᠥᠩᠭᠡᠵᠢᠬᠦ ᠠᠴᠠ ᠡᠮᠦᠨᠡᠬᠢ 3 ᠠᠴᠠ 5 ᠡᠳᠦᠷ ᠤᠨ ᠳᠣᠲᠣᠷ᠎ᠠ ᠬᠠᠮᠤᠭ ᠠᠷᠪᠢᠨ ᠳᠠᠭᠠᠨ 30% ᠪᠠᠷ | ᠪᠠᠭᠤᠷᠠᠭᠤᠯᠤᠨ᠎ᠠ ᠃ ᠰᠤᠳᠤᠯᠭᠠᠨ ᠠᠴᠠ ᠦᠵᠡᠪᠡᠯ ᠂ ᠬᠥᠩᠭᠡᠵᠢᠬᠦ ᠠᠴᠠ ᠡᠮᠦᠨᠡᠬᠢ 2 ᠭᠠᠷᠠᠭ ᠠᠴᠠ 3 ᠭᠠᠷᠠᠭ ᠲᠤ | ᠰᠠᠭᠠᠯᠢ ᠶᠢᠨ ᠦᠨᠢᠶᠡᠨ ᠤ ᠢᠳᠡᠰᠢᠯᠡᠬᠦ ᠬᠡᠮᠵᠢᠶ᠎ᠡ 30% ᠪᠠᠷ ᠪᠠᠭᠤᠷᠠᠵᠤ ᠂ ᠡᠳᠦᠷ ᠪᠦᠷᠢ ᠲᠣᠯᠣᠭᠠᠢ ᠪᠦᠷᠢ ᠳᠤ | 8 ᠠᠴᠠ 9 ᠺᠢᠯᠣᠭ᠍ᠷᠠᠮ ᠨᠣᠭᠳᠠᠵᠤ ᠮᠡᠳᠡᠨ᠎ᠡ ᠃ ᠦᠢᠯᠡᠳᠦᠯᠭᠡ ᠶᠢᠨ ᠳᠤᠮᠳᠠ ᠂ ᠬᠥᠩᠭᠡᠵᠢᠬᠦ ᠠᠴᠠ ᠡᠮᠦᠨᠡᠬᠢ 3-5 | ᠡᠳᠦᠷ ᠲᠤ ᠂ ᠰᠠᠭᠠᠯᠢ ᠶᠢᠨ ᠦᠨᠢᠶᠡᠨ ᠤ ᠬᠠᠭᠤᠷᠠᠢ ᠪᠣᠳᠠᠰ ᠢ ᠰᠢᠩᠭᠡᠬᠡᠨ ᠠᠪᠬᠤ ᠬᠡᠮᠵᠢᠶ᠎ᠡ ᠶᠢᠨ ᠪᠠᠭᠤᠷᠠᠯᠲᠠ ᠶᠢᠨ | ᠨᠣᠷᠮ᠎ᠠ ᠨᠢ ᠨᠠᠩ ᠴᠤ 10% ᠠᠴᠠ 20% ᠪᠠᠶᠢᠵᠤ ᠮᠡᠳᠡᠨ᠎ᠡ ᠃ | ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠶᠢ ᠲᠡᠵᠢᠭᠡᠬᠦ ᠳᠤ ᠳᠣᠣᠷᠠᠬᠢ ᠬᠡᠳᠦᠨ | ᠲᠠᠯ᠎ᠠ ᠶᠢ ᠣᠨᠴᠠᠭᠠᠶᠢᠯᠠᠨ ᠠᠩᠬᠠᠷᠬᠤ ᠬᠡᠷᠡᠭᠲᠡᠢ ᠄ 1.ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ | ᠦᠨᠢᠶ᠎ᠡ ᠶᠢᠨ ᠺᠠᠯᠼ ᠤᠨ ᠬᠡᠮᠵᠢᠶ᠎ᠡ ᠶᠢ ᠨᠠᠷᠢᠨ ᠨᠢᠭᠲᠠ ᠪᠣᠳᠣᠵᠤ ᠂ ᠲᠤᠭᠤᠯᠯᠠᠭᠰᠠᠨ ᠤ ᠳᠠᠷᠠᠭ᠎ᠠ ᠲᠠᠮᠪᠠᠷᠠᠬᠤ ᠠᠴᠠ | ᠰᠡᠷᠭᠡᠶᠢᠯᠡᠨ᠎ᠡ ᠃ 2.ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠶᠢ ᠰᠦ ᠰᠢᠭᠦᠷᠡᠭᠦᠯᠬᠦ | ᠡᠳᠦᠷ ᠤᠨ ᠲᠡᠵᠢᠭᠡᠯ ᠤᠨ ᠦᠨᠳᠦᠰᠦᠨ ᠡᠪᠡᠰᠦ ᠪᠣᠷᠳᠤᠭ᠎ᠠ ᠳᠤ ᠵᠣᠬᠢᠴᠠᠭᠤᠯᠤᠨ᠎ᠠ ᠃ 3.ᠥᠨᠳᠥᠷ ᠺᠠᠯᠼ ᠥᠨᠳᠥᠷ | ᠺᠠᠯᠢ ᠶᠢᠨ ᠡᠳᠦᠷ ᠤᠨ ᠲᠡᠵᠢᠭᠡᠯ ᠲᠡᠵᠢᠭᠡᠬᠦ ᠶᠢᠨ ᠬᠠᠮᠲᠤ ᠪᠢᠯᠢᠭ ᠢᠶᠤᠨ ᠳᠠᠪᠤᠰᠤ ᠲᠡᠵᠢᠭᠡᠨ᠎ᠡ ᠃ 4.ᠰᠦ ᠰᠢᠷᠭᠢᠬᠦ | ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠳᠤ ᠡᠳᠦᠷ ᠤᠨ ᠪᠦᠳᠦᠭᠦᠯᠢᠭ ᠠᠮᠤ ᠪᠠᠷ ᠲᠡᠵᠢᠭᠡᠵᠦ ᠂ ᠰᠢᠨ᠎ᠡ | ᠲᠤᠭᠤᠯᠯᠠᠭᠰᠠᠨ ᠦᠨᠢᠶᠡᠨ ᠳᠤ ᠨᠠᠷᠢᠯᠢᠭ ᠪᠣᠷᠳᠤᠭ᠎ᠠ ᠲᠡᠵᠢᠭᠡᠨ᠎ᠡ ᠃ 5.ᠪᠡᠶ᠎ᠡ ᠶᠢᠨ ᠪᠠᠶᠢᠳᠠᠯ ᠢᠶᠠᠷ ᠰᠠᠶᠢᠨ ᠰᠠᠭᠠᠯᠢ ᠶᠢᠨ | ᠦᠨᠢᠶ᠎ᠡ ᠳᠤ ᠪᠣᠯ ᠪᠦᠳᠦᠭᠦᠯᠢᠭ ᠠᠮᠤ ᠲᠡᠵᠢᠭᠡᠬᠦ ᠬᠡᠮᠵᠢᠶ᠎ᠡ ᠨᠢ ᠬᠠᠮᠤᠭ ᠠᠷᠪᠢᠨ ᠳᠤ ᠪᠠᠨ ᠪᠡᠶ᠎ᠡ ᠶᠢᠨ ᠬᠦᠨᠳᠦ ᠶᠢᠨ 0. | 5% ︵ ᠲᠣᠯᠣᠭᠠᠢ ᠪᠦᠷᠢ ᠳᠤ ᠡᠳᠦᠷ ᠲᠤ 3-3.5kg ︶ ᠳᠤ ᠬᠦᠷᠴᠦ ᠂ ᠪᠡᠶ᠎ᠡ ᠶᠢᠨ ᠪᠠᠶᠢᠳᠠᠯ ᠢᠶᠠᠷ ᠲᠡᠶᠢᠮᠦ ᠰᠠᠶᠢᠨ | ᠪᠢᠰᠢ ᠰᠠᠭᠠᠯᠢ ᠶᠢᠨ ᠦᠨᠢᠶ᠎ᠡ ᠳᠤ ᠪᠣᠯ ᠪᠦᠳᠦᠭᠦᠯᠢᠭ ᠠᠮᠤ ᠲᠡᠵᠢᠭᠡᠬᠦ ᠬᠡᠮᠵᠢᠶ᠎ᠡ ᠨᠢ ᠬᠠᠮᠤᠭ ᠠᠷᠪᠢᠨ ᠳᠤ ᠪᠠᠨ | ᠪᠡᠶ᠎ᠡ ᠶᠢᠨ ᠬᠦᠨᠳᠦ ᠶᠢᠨ 0.75% ᠶᠢ ᠡᠵᠡᠯᠡᠨ᠎ᠡ ᠃ 6.ᠰᠠᠭᠠᠯᠢ ᠶᠢᠨ ᠦᠨᠢᠶ᠎ᠡ ᠶᠢ ᠨᠢᠭᠲᠠ ᠲᠡᠵᠢᠭᠡᠵᠦ ᠪᠠᠶᠢᠭ᠎ᠠ | ᠦᠶ᠎ᠡ ᠶᠢᠨ ᠡᠳᠦᠷ ᠤᠨ ᠠᠮᠤ ᠪᠤᠳᠠᠭᠠᠨ ᠤ ᠡᠨᠧᠷᠭᠢ ᠶᠢᠨ ᠨᠢᠭᠲᠠᠴᠠ ᠨᠢ ᠺᠢᠯᠣᠭ᠍ᠷᠠᠮ ᠪᠦᠷᠢ ᠶᠢᠨ ᠰᠦ ᠰᠢᠭᠦᠷᠡᠭᠦᠯᠬᠦ | ᠴᠡᠪᠡᠷ ᠡᠨᠧᠷᠭᠢ ᠶᠢᠨ 5.06 ᠮᠧᠭ᠎ᠠ ᠬᠡᠦᠷᠡᠰᠦ ᠪᠠᠶᠢᠬᠤ ᠬᠡᠷᠡᠭᠲᠡᠢ ᠂ ᠭᠡᠪᠡᠴᠦ ᠡᠪᠦᠯ ᠤᠨ ᠤᠯᠠᠷᠢᠯ ᠳᠤ ᠭᠠᠳᠠᠨ᠎ᠠ | ᠪᠠᠶᠢᠭ᠎ᠠ ᠰᠠᠭᠠᠯᠢ ᠶᠢᠨ ᠦᠨᠢᠶ᠎ᠡ ᠶᠢᠨ ᠡᠳᠦᠷ ᠤᠨ ᠠᠮᠤ ᠪᠤᠳᠠᠭᠠᠨ ᠤ ᠡᠨᠧᠷᠭᠢ ᠶᠢᠨ ᠨᠢᠭᠲᠠᠴᠠ ᠨᠢ ᠺᠢᠯᠣᠭ᠍ᠷᠠᠮ | ᠪᠦᠷᠢ ᠶᠢᠨ ᠰᠦ ᠰᠢᠭᠦᠷᠡᠭᠦᠯᠬᠦ ᠴᠡᠪᠡᠷ ᠡᠨᠧᠷᠭᠢ ᠶᠢᠨ 5.98 ᠮᠧᠭ᠎ᠠ ᠬᠡᠦᠷᠡᠰᠦ ᠪᠣᠯᠣᠨ᠎ᠠ ᠃ 7.ᠰᠠᠭᠠᠯᠢ ᠶᠢᠨ | ᠦᠨᠢᠶ᠎ᠡ ᠶᠢ ᠲᠠᠭᠠᠯᠠᠮᠵᠢᠲᠠᠢ ᠪᠠᠶᠢᠯᠭᠠᠬᠤ ᠶᠢ ᠠᠩᠬᠠᠷᠴᠤ ᠂ ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ | ᠰᠠᠭᠠᠯᠢ ᠶᠢᠨ ᠦᠨᠢᠶ᠎ᠡ ᠶᠢᠨ ᠬᠦᠷᠢᠶ᠎ᠡ ᠬᠠᠰᠢᠶᠠᠨ ᠤ ᠰᠠᠯᠬᠢ ᠨᠡᠪᠲᠡᠷᠡᠬᠦ ᠪᠠ ᠪᠣᠷᠳᠣᠭᠠᠨ ᠤ ᠣᠩᠭᠤᠴᠠ ᠶᠢᠨ | ᠬᠠᠮᠢᠶᠠᠷᠤᠯᠲᠠ ᠶᠢ ᠠᠩᠬᠠᠷᠬᠤ ᠬᠡᠷᠡᠭᠲᠡᠢ ᠃ | |