3 ᠰᠠᠷ᠎ᠠ ᠶᠢᠨ 7 ᠤ ᠡᠳᠦᠷ᠂ 2025 ᠣᠨ ᠤ ᠪᠥᠬᠦ ᠰᠢᠶᠠᠨ ᠤ ᠠᠶᠤᠯᠭᠦᠢ ᠦᠢᠯᠡᠳᠪᠦᠷᠢᠯᠡᠯ ᠪᠠ ᠣᠶ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ | ᠣᠷᠣᠨ᠂ ᠲᠦᠩᠯᠢᠶᠣᠣ ᠬᠤᠲᠠ ᠶᠢᠨ ᠠᠵᠢᠯ ᠤᠨ ᠵᠣᠷᠢᠭ ᠰᠠᠨᠠᠭ᠎ᠠ ᠶᠢ ᠤᠯᠠᠮᠵᠢᠯᠠᠨ᠂ 2024 ᠣᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠢ ᠳ᠋ᠦᠩᠨᠡᠵᠦ᠂ ᠣᠳᠣᠬᠠᠨ ᠤ ᠪᠠᠶᠢᠳᠠᠯ ᠡᠭᠦᠷᠭᠡ ᠶᠢ ᠵᠠᠳᠠᠯᠤᠨ ᠰᠤᠳᠤᠯᠵᠤ ᠮᠠᠭᠠᠳᠯᠠᠨ᠂ | ᠣᠳᠣᠬᠠᠨ ᠤ ᠪᠠ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ | ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠢᠩ ᠯᠢ ᠴᠦᠨ ᠬᠤᠷᠠᠯ | ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠰᠢᠶᠠᠨ ᠤ ᠤᠳᠤᠷᠢᠳᠤᠯᠭ᠎ᠠ ᠶᠠᠩ ᠾᠦᠢ ᠮᠢᠨ᠂ ᠴᠠᠩ | ᠪᠦᠦ ᠴᠧᠩ᠂ ᠴᠠᠩ ᠯᠢᠶᠠᠩ᠂ ᠯᠢ ᠯᠢᠶᠠᠩ ᠬᠤᠷᠠᠯ ᠳᠤ ᠣᠷᠣᠯᠴᠠᠪᠠ᠃ | | | | | | ᠯᠢᠦ ᠶᠠᠩ ᠵᠢᠭᠠᠭᠰᠠᠨ ᠨᠢ᠂ 2024 ᠣᠨ ᠳᠤ ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠶᠡᠷᠦᠩᠬᠡᠢ | ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ | ᠵᠠᠰᠠᠬᠤ ᠣᠷᠣᠨ᠂ ᠲᠦᠩᠯᠢᠶᠣᠣ ᠬᠤᠲᠠ ᠵᠢᠴᠢ ᠰᠢᠶᠠᠨ ᠤ ᠨᠠᠮ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠰᠡᠷᠭᠡᠶᠢᠯᠡᠬᠦ ᠪᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ ᠂ ᠦᠨᠳᠦᠰᠦ ᠠᠴᠠ ᠨᠢ | ᠵᠠᠰᠠᠬᠤ ᠪᠣᠭᠤᠮᠲᠠ ᠰᠢᠪᠲᠤᠯᠬᠤ ᠶᠢ ᠴᠢᠩᠭ᠎ᠠ ᠠᠳᠬᠤᠵᠤ ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ ᠂ | ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠮᠵᠢᠯᠲᠠ ᠲᠠᠢ ᠪᠠᠶᠢᠭᠤᠯᠵᠤ ᠂ ᠠᠮᠤᠷ ᠲᠦᠪᠰᠢᠨ ᠤ | ᠬᠠᠮᠢᠶᠠᠷᠤᠭᠴᠢ ᠶᠢᠨ ᠦᠢᠯᠡᠴᠢᠯᠡᠭᠡ ᠶᠢ ᠬᠡᠷᠡᠭᠵᠢᠭᠦᠯᠵᠦ ᠂ ᠵᠢᠵᠢᠭ ᠲᠠᠯᠠᠪᠤᠷ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ | ᠪᠦᠬᠦ ᠬᠦᠴᠦᠨ ᠢᠶᠠᠷ ᠢᠶᠠᠨ ᠠᠬᠢᠭᠤᠯᠵᠤ ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠲᠠᠢ ᠪᠣᠯᠵᠤ ᠂ ᠰᠢᠨ᠎ᠡ ᠦᠷ᠎ᠡ | ᠪᠦᠲᠦᠮᠵᠢ ᠣᠯᠵᠤ ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠰᠠᠶᠢᠵᠢᠷᠠᠪᠠ ᠃ | ᠯᠢᠦ ᠶᠠᠩ ᠴᠢᠩᠭᠠᠳᠬᠠᠭᠰᠠᠨ ᠨᠢ᠂ ᠠᠵᠢᠯ ᠤᠨ ᠠᠮᠵᠢᠯᠲᠠ ᠪᠠᠨ ᠨᠤᠲᠠᠯᠠᠵᠤ ᠂ ᠣᠷᠣᠰᠢᠵᠤ ᠪᠠᠶᠢᠭ᠎ᠠ | ᠠᠰᠠᠭᠤᠳᠠᠯ ᠳᠤ ᠵᠥᠪ ᠢᠶᠠᠷ ᠬᠠᠨᠳᠤᠵᠤ ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠡᠭᠡ | ᠲᠠᠯ᠎ᠠ ᠶᠢᠨ ᠦᠵᠡᠯᠲᠡ ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ ᠃ ᠳᠤᠲᠠᠭᠤᠳᠠᠯ | ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠭᠤᠣᠯᠳᠠᠯᠭ᠎ᠠ ᠲᠠᠢ ᠡᠭᠦᠷᠭᠡ ᠶᠢ ᠪᠠᠲᠤ ᠠᠳᠬᠤᠵᠤ ᠂ ᠭᠠᠯ | ᠤᠨᠲᠠᠷᠠᠭᠠᠬᠤ ᠭᠡᠮ ᠰᠣᠭᠤᠭ ᠢ ᠲᠥᠪᠯᠡᠷᠡᠭᠦᠯᠦᠨ ᠵᠠᠰᠠᠬᠤ ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ | ᠲᠦᠪᠰᠢᠨ ᠤ ᠭᠡᠮ ᠰᠣᠭᠤᠭ ᠢ ᠪᠦᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ ᠂ | ᠭᠠᠵᠠᠷ ᠳᠣᠣᠷᠠᠬᠢ ᠮᠠᠰᠢᠨ ᠲᠡᠷᠭᠡᠨ ᠤ ᠬᠥᠮᠥᠷᠭᠡ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ | ᠴᠡᠨᠡᠭᠯᠡᠬᠦ ᠣᠷᠣᠨ ᠪᠦᠰᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠢ ᠵᠠᠰᠠᠯᠲᠠ ᠶᠢ ᠥᠷᠨᠢᠭᠦᠯᠵᠦ ᠂ ︽ | ᠶᠢᠰᠦᠨ ᠪᠠᠭ᠎ᠠ ᠲᠠᠯᠠᠪᠤᠷ ︾ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ᠃ ᠠᠶᠤᠯ ᠲᠠᠢ | ᠬᠢᠮᠢ ᠶᠢᠨ ᠪᠣᠳᠠᠰ ᠤᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠠᠵᠤ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ | ᠬᠤᠲᠠ ᠪᠠᠯᠭᠠᠰᠤ ᠶᠢᠨ ᠰᠢᠲᠠᠮᠠᠬᠠᠢ ᠬᠡᠢ᠂ ᠨᠡᠭᠦᠷᠡᠰᠦᠨ ᠤ ᠪᠤᠰᠤ ᠠᠭᠤᠷᠬᠠᠢ᠂ ᠣᠨᠴᠠ ᠲᠥᠷᠥᠯ ᠤᠨ ᠲᠥᠬᠦᠭᠡᠷᠦᠮᠵᠢ | ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠴᠠᠬᠢᠯᠭᠠᠨ ᠬᠦᠴᠦᠨ ᠤ ᠠᠮᠤᠷ ᠲᠦᠪᠰᠢᠨ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ | ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠤᠯᠭᠠᠮ᠎ᠠ ᠰᠡᠳᠬᠢᠯᠭᠡ᠂ | ᠬᠡᠷᠡᠭᠵᠢᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠦᠨ᠎ᠡ᠃ | ᠯᠢᠦ ᠶᠠᠩ ᠱᠠᠭᠠᠷᠳᠠᠭᠰᠠᠨ ᠨᠢ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ ᠂ ᠠᠵᠢᠯ ᠤᠨ | ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠵᠤ ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ ᠂ ᠭᠠᠯ | ᠰᠡᠷᠭᠡᠶᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠬᠤ | ᠬᠡᠷᠡᠭᠲᠡᠢ ︔ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠠᠮᠰᠢᠭ ᠤᠨ ᠳᠠᠯᠳᠠ ᠬᠡᠮ ᠢ | ᠠᠷᠢᠯᠭᠠᠬᠤ ᠬᠡᠷᠡᠭᠲᠡᠢ︔ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠭᠠᠯ ᠰᠡᠷᠭᠡᠶᠢᠯᠡᠬᠦ ᠦᠵᠡᠯ ᠤᠬᠠᠮᠰᠠᠷ ᠢ | ᠳᠡᠭᠡᠭᠰᠢᠯᠡᠭᠦᠯᠬᠦ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ | ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠦᠨ᠎ᠡ᠃ | ᠵᠢᠩ ᠯᠢ ᠴᠦᠨ ᠥᠪᠡᠷᠲᠡᠭᠡᠨ ᠵᠠᠰᠠᠬᠤ ᠣᠷᠣᠨ ᠂ ᠲᠦᠩᠯᠢᠶᠣᠣ ᠬᠤᠳᠠ ᠶᠢᠨ ᠨᠢᠭᠡᠳᠦᠭᠡᠷ ᠤᠯᠠᠷᠢᠯ ᠤᠨ | ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ | ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ ᠃ ︵ᠦ᠋ ᠶᠤᠸᠠᠢ ᠯᠢ᠂ ᠴᠢᠨ ᠰᠢᠶᠣᠣ ᠪᠥᠸᠧ︶ | |