3 ᠰᠠᠷ᠎ᠠ ᠶᠢᠨ 10 ᠤ ᠡᠳᠦᠷ ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠰᠢᠶᠠᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠰᠢᠶᠠᠨ ᠤ ᠳᠠᠷᠤᠭ᠎ᠠ ᠯᠢᠦ ᠶᠠᠩ ᠰᠢᠶᠠᠨ ᠤ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 2025 ᠣᠨ ᠤ ᠬᠤᠶᠠᠳᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠵᠤ᠂ ᠰᠢᠶᠠᠨ ᠤ ᠤᠳᠤᠷᠢᠳᠤᠯᠭ᠎ᠠ ᠵᠢᠩ ᠯᠢ ᠴᠦᠨ ᠂ | ᠶᠠᠩ ᠡᠾᠦ᠋ᠢ ᠮᠢᠨ ᠂ ᠴᠠᠩ ᠪᠦᠦ ᠴᠧᠩ ᠂ ᠶᠠᠩ ᠼᠦᠨ ᠰᠢᠸ ᠂ ᠴᠠᠩ ᠯᠢᠶᠠᠩ ᠂ ᠯᠢ ᠯᠢᠶᠠᠩ ᠂ ᠮᠢᠶᠣᠣ ᠺᠦᠢ | ᠬᠤᠷᠠᠯ ᠳᠤ ᠣᠷᠣᠯᠴᠠᠪᠠ ᠃ | | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ | ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠤᠬᠠᠢ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ᠂ ︽ᠬᠥᠳᠡᠭᠡ ᠲᠣᠰᠬᠤᠨ ᠤ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︽ᠠᠵᠤ ᠠᠬᠤᠶᠢᠯᠠᠯ ᠳᠤ ᠬᠤᠯᠪᠣᠭᠳᠠᠬᠤ ᠵᠠᠰᠠᠭ | ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠰᠠᠨᠠᠯ︾ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠪᠠ᠃ | ᠬᠤᠷᠠᠯ ᠠᠴᠠ ︽ ᠲᠠᠪᠤᠨ ᠶᠡᠭᠡ ᠡᠭᠦᠷᠭᠡ ︾ ᠂ ︽ ᠵᠢᠷᠭᠤᠭᠠᠨ ᠢᠨᠵᠧᠨᠧᠷᠢᠩ ︾ ᠂ ︽ ᠵᠢᠷᠭᠤᠭᠠᠨ ᠠᠵᠢᠯᠯᠠᠭ᠎ᠠ ︾ | ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠥᠰᠥᠯ ᠵᠢᠴᠢ ᠡᠭᠦᠷᠭᠡ ᠶᠢᠨ | ᠨᠠᠷᠢᠨ ᠳᠠᠩᠰᠠ ᠶᠢ ᠬᠢᠨᠠᠨ ᠵᠥᠪᠯᠡᠪᠡ ᠃ | ᠬᠤᠷᠠᠯ ᠠᠴᠠ ᠴᠢᠩᠭᠠᠳᠬᠠᠭᠰᠠᠨ ᠨᠢ᠂ ᠪᠦᠬᠦ ᠰᠢᠶᠠᠨ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ | ᠦᠨᠡᠨ ᠬᠦ ᠳᠡᠭᠡᠭᠰᠢᠯᠡᠭᠦᠯᠵᠦ ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ ᠂ ᠰᠢᠰᠲ᠋ᠧᠮ | ᠲᠠᠢ ᠲᠥᠯᠥᠪᠵᠢᠭᠦᠯᠵᠦ ᠂ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ ᠂ ᠬᠠᠷᠢᠭᠤᠴᠠᠯᠭ᠎ᠠ ᠶᠢᠨ | ᠬᠡᠯᠬᠢᠶ᠎ᠡ ᠶᠢ ᠴᠢᠩᠭᠠᠯᠠᠵᠤ ᠂ ᠡᠭᠦᠷᠭᠡ ᠶᠢᠨ ᠨᠠᠷᠢᠨ ᠲᠠᠩᠰᠠ ᠶᠢ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ | ᠪᠣᠯᠭᠠᠨ ᠬᠤᠪᠢᠷᠠᠭᠤᠯᠬᠤ ᠬᠡᠷᠡᠭᠲᠡᠢ ︔ ᠡᠭᠦᠷᠭᠡ ᠶᠢᠨ ᠭᠦᠢᠴᠡᠳᠬᠡᠬᠦ ᠲᠤᠭ᠎ᠠ ᠶᠢ ᠨᠠᠷᠢᠯᠢᠭᠵᠢᠭᠤᠯᠤᠨ ᠵᠠᠳᠠᠯᠵᠤ ᠂ | ᠪᠡᠶᠡᠯᠡᠭᠦᠯᠬᠦ ᠴᠠᠭ ᠬᠤᠭᠤᠴᠠᠭ᠎ᠠ ᠂ ᠬᠠᠷᠢᠭᠤᠴᠠᠯᠭᠠᠲᠤ ᠰᠠᠯᠠᠭ᠎ᠠ ᠮᠥᠴᠢᠷ ᠢ ᠵᠦᠢᠯ ᠳᠠᠷᠠᠭᠠᠯᠠᠨ ᠲᠣᠳᠣᠷᠬᠠᠶᠢᠯᠠᠵᠤ ᠂ | ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠠᠬᠢᠭᠤᠯᠵᠤ ᠂ ᠬᠠᠷᠠᠯᠲᠠ ᠢᠵᠢᠯ ᠴᠢᠭᠯᠡᠯ ᠲᠠᠢ ᠂ ᠠᠷᠭ᠎ᠠ | ᠬᠡᠮᠵᠢᠶ᠎ᠡ ᠶᠢ ᠨᠢᠭᠡ ᠴᠣᠭᠴᠠᠵᠢᠭᠤᠯᠤᠭᠰᠠᠨ ᠂ ᠠᠵᠢᠯᠯᠠᠭ᠎ᠠ ᠶᠢ ᠢᠵᠢᠯ ᠠᠯᠬᠤᠮ ᠲᠠᠢ ᠪᠣᠯᠭᠠᠭᠰᠠᠨ ᠠᠵᠢᠯ ᠤᠨ | ᠪᠠᠶᠢᠷᠢᠰᠢᠯ ᠢ ᠦᠨᠡᠨ ᠬᠦ ᠪᠦᠷᠢᠯᠳᠦᠭᠦᠯᠵᠦ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠬᠥᠲᠥᠯᠥᠨ ᠳᠠᠭᠠᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠤᠷᠠᠮᠳᠤᠭᠤᠯᠬᠤ ᠬᠡᠷᠡᠭᠲᠡᠢ ᠃ | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃ | ᠲᠦᠩᠯᠢᠶᠣᠣ ᠶᠢᠨ ᠺᠠᠶᠢᠯᠤ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠮᠠ ᠹᠧᠩ ᠵᠢᠶᠦ᠋ᠨ᠂ | ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ | ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ | ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ︵ ᠭᠦᠸᠧ ᠳ᠋ᠡ ᠯᠧᠢ ᠂ | ᠪᠢ ᠯᠧ ᠲᠤᠤ ︶ | |