ᠥᠨᠳᠥᠷ ᠳᠤᠮᠳᠠᠳᠤ ᠶᠢᠨ ᠰᠣᠷᠣᠬᠴᠢ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠲᠣᠭᠲᠠᠪᠠ
ᠨᠡᠶᠢᠲᠡᠯᠡᠭᠰᠡᠨ ᠴᠠᠭ᠄
2025/3/12
      2025 ᠣᠨ ᠤ ᠥᠪᠥᠷ ᠮᠣᠩᠭᠤᠯ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ︵ ᠥᠨᠳᠥᠷ ᠳᠤᠮᠳᠠᠳᠤ ᠶᠢᠨ ᠰᠤᠷᠤᠬᠴᠢ ᠡᠯᠰᠡᠬᠦ ᠰᠢᠯᠭᠠᠯᠲᠠ ︶ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 3 ᠰᠠᠷ᠎ᠠ ᠶᠢᠨ 12 ᠤᠨ ᠡᠳᠦᠷ ᠠᠴᠠ 3 ᠰᠠᠷ᠎ᠠ ᠶᠢᠨ 26 ᠤ ᠡᠳᠦᠷ ᠪᠤᠯᠲᠠᠯ᠎ᠠ ᠶᠠᠪᠤᠭᠳᠠᠨ᠎ᠠ ᠃ ᠮᠠᠨ ᠤ ᠣᠷᠣᠨ ᠳᠤ 2025 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ︵ ᠥᠨᠳᠥᠷ ᠳᠤᠮᠳᠠᠳᠤ ᠶᠢᠨ ᠰᠤᠷᠤᠬᠴᠢ ᠡᠯᠰᠡᠬᠦ ᠰᠢᠯᠭᠠᠯᠲᠠ ︶ ᠂ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ 3 +2 ︶ ᠶᠢᠨ ᠰᠣᠷᠣᠬᠴᠢ ᠡᠯᠰᠡᠬᠦ ᠳᠤ ᠣᠷᠤᠯᠴᠠᠬᠤ ᠰᠢᠯᠭᠠᠭᠤᠯᠤᠭᠴᠢ ᠪᠠ ᠨᠠᠢᠮᠠᠳᠤᠭᠠᠷ ᠣᠨ ︵ ᠠᠩᠬ᠎ᠠ ᠵᠡᠷᠭᠡ ᠶᠢᠨ ᠲᠤᠮᠳᠠᠳᠦ ᠰᠤᠷᠭᠠᠭᠤᠯᠢ ᠶᠢᠨ ᠬᠤᠶᠠᠳᠤᠭᠠᠷ ᠣᠨ ︶ ᠤ ᠰᠢᠯᠭᠠᠭᠤᠯᠤᠭᠴᠢ ᠪᠦᠭᠦᠨ ᠴᠥᠮ ᠲᠣᠭᠲᠠᠭᠠᠯ ᠶᠣᠰᠣᠭᠠᠷ ᠨᠡᠷ᠎ᠡ ᠮᠡᠳᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ ᠃             ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠄ 2025 ᠣᠨ ᠤ 3 ᠰᠠᠷ᠎ᠠ ᠶᠢᠨ 12 ᠤᠨ ᠡᠳᠦᠷ ᠤᠨ 9 ᠄ 00 ᠠᠴᠠ ᠡᠬᠢᠯᠡᠵᠦ ᠂ 3 ᠰᠠᠷ᠎ᠠ ᠶᠢᠨ 26 ᠤ ᠡᠳᠦᠷ ᠤᠨ 17 ᠄ 00 ᠲᠤ ᠳᠠᠭᠤᠰᠤᠨ᠎ᠠ ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠢ ᠨᠡᠷ᠎ᠡ ᠮᠡᠳᠡᠭᠦᠯᠬᠦ ᠬᠤᠭᠤᠴᠠᠭᠠᠨ ᠳᠤ ᠡᠳᠦᠷ ᠪᠦᠷᠢ ᠶᠢᠨ 9 ᠄ 00 - 17 ᠄ 00 ᠲᠤ ᠨᠡᠭᠡᠭᠡᠨ᠎ᠡ ᠃ ᠰᠢᠯᠭᠠᠭᠤᠯᠤᠭᠴᠢ ᠲᠣᠭᠲᠠᠭᠰᠠᠨ ᠬᠤᠭᠤᠴᠠᠭᠠᠨ ᠳᠤ ᠨᠡᠷ᠎ᠡ ᠮᠡᠳᠡᠭᠦᠯᠬᠦ ᠬᠡᠷᠡᠭᠲᠡᠢ ᠂ ᠬᠤᠭᠤᠴᠠᠭ᠎ᠠ  ᠨᠢ ᠬᠡᠲᠦᠷᠡᠪᠡᠯ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ ᠃ ᠨᠡᠷ᠎ᠡ ᠮᠡᠳᠡᠭᠦᠯᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠂ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠨᠤᠲᠠᠯᠠᠬᠤ ᠪᠠ ᠨᠡᠷ᠎ᠡ ᠮᠡᠳᠡᠭᠦᠯᠬᠦ ᠬᠢᠷᠢ ᠭᠡᠮ ᠢ ᠬᠢᠨᠠᠨ ᠪᠠᠶᠢᠴᠠᠭᠠᠬᠤ ᠭᠤᠷᠪᠠᠨ ᠶᠠᠪᠤᠴᠠ ᠬᠤᠪᠢᠶᠠᠨ᠎ᠠ ᠃             ᠨᠡᠷ᠎ᠡ ᠮᠡᠳᠡᠭᠦᠯᠬᠦ ᠪᠣᠳᠠᠲᠠᠢ ᠶᠠᠪᠤᠴᠠ ᠨᠢ ᠄ ᠰᠢᠯᠭᠠᠭᠤᠯᠤᠭᠴᠢ ᠲᠣᠭᠲᠠᠭᠰᠠᠨ ᠬᠤᠭᠤᠴᠠᠭᠠᠨ ᠳᠤ ︽ ᠥᠪᠥᠷ ᠮᠣᠩᠭᠤᠯ ᠤᠨ ᠰᠣᠷᠣᠬᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︾ ᠶᠢᠨ ᠲᠦᠷᠦᠭᠦᠦ ᠨᠢᠭᠤᠷ ᠲᠤ ᠣᠷᠣᠵᠤ ᠂ ᠰᠦᠯᠵᠢᠶᠡᠨ ᠬᠠᠭᠤᠳᠠᠰᠤ ᠶᠢᠨ ᠪᠠᠷᠠᠭᠤᠨ ᠳᠡᠭᠡᠷᠡᠬᠢ ︽ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ︵ ᠥᠨᠳᠥᠷ ᠳᠤᠮᠳᠠᠳᠤ ᠶᠢᠨ ᠰᠤᠷᠤᠬᠴᠢ ᠡᠯᠰᠡᠬᠦ ᠰᠢᠯᠭᠠᠯᠲᠠ ︶ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠡᠭᠦᠳᠡ ︾ ᠭᠡᠰᠡᠨ ᠢ ᠳᠠᠷᠤᠵᠤ ᠨᠡᠷ᠎ᠡ ᠮᠡᠳᠡᠭᠦᠯᠬᠦ ᠰᠢᠰᠲ᠋ᠧᠮ ᠳᠤ ᠣᠷᠣᠨ᠎ᠠ ᠃ ᠬᠡᠷᠪᠡ ᠲᠣᠰ ᠲᠠᠪᠴᠠᠩ ᠢ ᠬᠡᠷᠡᠭᠯᠡᠨ ᠨᠡᠷ᠎ᠡ ᠮᠡᠳᠡᠭᠦᠯᠵᠦ ᠥᠩᠭᠡᠷᠡᠭᠰᠡᠨ ᠰᠢᠯᠭᠠᠭᠤᠯᠤᠭᠴᠢ ᠪᠣᠯ ᠂ ᠨᠢᠭᠡᠨᠲᠡ ᠳᠠᠩᠰᠠᠯᠠᠭᠤᠯᠤᠭᠰᠠᠨ ᠲᠠᠩᠰᠠᠨ ᠨᠣᠮᠧᠷ ᠢᠶᠠᠷ ᠢᠶᠠᠨ ᠨᠡᠷ᠎ᠡ ᠮᠡᠳᠡᠭᠦᠯᠵᠦ ᠪᠣᠯᠣᠨ᠎ᠠ ᠃ ᠳᠠᠩᠰᠠᠯᠠᠭᠤᠯᠵᠤ ᠥᠩᠭᠡᠷᠡᠭᠰᠡᠨ ᠦᠭᠡᠢ ᠰᠢᠯᠭᠠᠭᠤᠯᠤᠭᠴᠢ ᠰᠢᠨ᠎ᠡ ᠪᠠᠷ ᠳᠠᠩᠰᠠᠯᠠᠭᠤᠯᠬᠤ ᠬᠡᠷᠡᠭᠲᠡᠢ ᠃ ᠰᠢᠯᠭᠠᠭᠤᠯᠤᠭᠴᠢ ᠳᠠᠩᠰᠠᠯᠠᠭᠤᠯᠬᠤ ᠦᠶ᠎ᠡ ᠳᠤ ᠬᠤᠪᠢ ᠬᠥᠮᠥᠨ ᠤ ᠮᠡᠳᠡᠭᠡ ᠵᠠᠩᠭᠢ ᠪᠠᠨ ᠲᠠᠭᠯᠠᠵᠤ ᠂ ᠪᠤᠷᠤᠭᠤ ᠦᠭᠡᠢ ᠪᠠᠨ ᠨᠤᠲᠠᠯᠠᠭᠰᠠᠨ ᠤ ᠳᠠᠷᠠᠭ᠎ᠠ ︽ ᠨᠤᠲᠠᠯᠠᠬᠤ ︾ ᠶᠢ ᠲᠣᠪᠴᠢᠳᠠᠨ᠎ᠠ ᠃ ᠳᠠᠩᠰᠠᠯᠠᠭᠤᠯᠵᠤ ᠪᠠᠷᠠᠭᠰᠠᠨ ᠤ ᠳᠠᠷᠠᠭ᠎ᠠ ᠡᠬᠢᠨ ᠤ ᠨᠢᠭᠤᠷ ᠳᠡᠭᠡᠷᠡᠬᠢ ︽ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ︵ ᠥᠨᠳᠥᠷ ᠳᠤᠮᠳᠠᠳᠤ ᠶᠢᠨ ᠰᠤᠷᠤᠬᠴᠢ ᠡᠯᠰᠡᠬᠦ ᠰᠢᠯᠭᠠᠯᠲᠠ ︶ ︾ ᠶᠢ ᠲᠣᠪᠴᠢᠳᠠᠵᠤ ᠂ ᠳᠣᠣᠷᠠᠬᠢ ᠴᠢᠳᠠᠮᠵᠢ ᠶᠢᠨ ᠬᠡᠰᠡᠭ ᠲᠤ ︽ ᠰᠢᠯᠭᠠᠯᠲᠠ ᠳᠤ ᠨᠡᠷ᠎ᠡ ᠮᠡᠳᠡᠭᠦᠯᠬᠦ ︾ ᠶᠢ ᠰᠣᠩᠭᠤᠨ᠎ᠠ ᠃ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠪᠤᠷᠤᠭᠤ ᠦᠭᠡᠢ ᠭᠡᠵᠦ ᠨᠤᠲᠠᠯᠠᠭᠰᠠᠨ ᠤ ᠳᠠᠷᠠᠭ᠎ᠠ ᠂ ︽ ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ ︾ ᠶᠢ ᠥᠪᠡᠷᠲᠡᠭᠡᠨ ᠳᠠᠷᠤᠮᠠᠯᠯᠠᠨ᠎ᠠ ᠃ ᠰᠢᠯᠭᠠᠭᠤᠯᠤᠭᠴᠢ ᠶᠢᠨ ᠪᠠᠶᠢᠭ᠎ᠠ ᠰᠤᠷᠭᠠᠭᠤᠯᠢ ︵ ᠰᠤᠷᠭᠠᠭᠤᠯᠢ ᠳᠤ ᠪᠠᠶᠢᠭ᠎ᠠ ᠰᠣᠷᠣᠬᠴᠢ ︶ ᠪᠤᠶᠤ ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ ︵ ᠨᠡᠶᠢᠭᠡᠮ ᠤᠨ ᠰᠢᠯᠭᠠᠭᠤᠯᠤᠭᠴᠢ ︶ ᠨᠢ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢ ᠬᠢᠨᠠᠮᠠᠭᠠᠢ ᠬᠢᠨᠠᠨ ᠬᠠᠷᠭᠤᠭᠤᠯᠤᠭᠰᠠᠨ ᠤ ᠳᠠᠷᠠᠭ᠎ᠠ ᠂ ︽ ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ ︾ ᠶᠢᠨ ᠬᠠᠷᠠᠭᠠᠯᠵᠠᠭᠰᠠᠨ ᠬᠦᠰᠦᠨᠦᠭᠲᠦ ᠳᠤ ︽ ᠪᠠᠶᠢᠳᠠᠯ ᠨᠢ ᠦᠨᠡᠨ ᠪᠣᠳᠠᠲᠠᠢ ᠨᠡᠷ᠎ᠡ ᠮᠡᠳᠡᠭᠦᠯᠬᠦ ᠶᠢ ᠨᠢ ᠵᠥᠪᠰᠢᠶᠡᠷᠡᠨ᠎ᠡ ︾ ᠭᠡᠰᠡᠨ ᠴᠣᠬᠤᠯᠠᠪᠤᠷᠢ ᠪᠢᠴᠢᠬᠦ ᠶᠢᠨ ᠬᠠᠮᠲᠤ ᠠᠯᠪᠠᠨ ᠲᠠᠮᠠᠭ᠎ᠠ ᠳᠠᠷᠤᠨ᠎ᠠ ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号