3 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ ᠂ ᠪᠦᠬᠦ ᠰᠢᠶᠠᠨ ᠤ 2025 ᠣᠨ ᠤ ᠳᠡᠭᠡᠷ᠎ᠡ | ᠬᠠᠭᠠᠰ ᠵᠢᠯ ᠳᠤ ᠴᠡᠷᠢᠭ ᠲᠤ ᠣᠷᠣᠭᠰᠠᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠡᠭᠡ ᠬᠤᠷᠠᠯ ᠰᠢᠶᠠᠨ ᠤ ᠰᠣᠶᠣᠯ | ᠺᠢᠨᠣ᠋ ᠲᠧᠯᠸᠢᠰ ᠤᠨ ᠲᠥᠪ ᠤᠨ ᠶᠣᠰᠣᠯᠠᠯ ᠤᠨ ᠲᠠᠩᠬᠢᠮ ᠳᠤ ᠬᠤᠷᠠᠯᠳᠤᠪᠠ᠃ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠸᠧᠨ ᠵᠢᠶᠦ᠋ᠨ ᠂ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ | ᠲᠢᠶᠠᠨ ᠱᠢ ᠵᠧᠨ ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠤᠤ ᠬᠠᠢ ᠵᠢᠶᠦ᠋ᠨ | ᠬᠤᠷᠠᠯ ᠳᠤ ᠣᠷᠣᠯᠴᠠᠪᠠ ᠃ | | | | | | ᠲᠢᠶᠠᠨ ᠱᠢ ᠵᠧᠨ ᠶᠠᠷᠢᠶᠠᠨ ᠳᠠᠭᠠᠨ ᠵᠢᠭᠠᠭᠰᠠᠨ ᠨᠢ᠂ ᠤᠯᠤᠰ ᠭᠡᠷ ᠢᠶᠠᠨ ᠬᠠᠮᠠᠭᠠᠯᠠᠬᠤ ᠪᠣᠯ ᠳᠤᠮᠳᠠᠳᠤ ᠶᠢᠨ | ᠦᠨᠳᠦᠰᠦᠲᠡᠨ ᠤ ᠴᠢᠰᠤᠨ ᠰᠤᠳᠠᠯ ᠤᠨ ᠭᠦᠨ ᠳᠤ ᠰᠡᠶᠢᠯᠦᠭᠰᠡᠨ ᠭᠧᠨ ᠮᠥᠨ᠂ ᠬᠠᠤᠯᠢ ᠶᠣᠰᠣᠭᠠᠷ ᠴᠡᠷᠢᠭ ᠤᠨ | ᠠᠯᠪᠠ ᠬᠠᠭᠠᠬᠤ ᠪᠣᠯ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ ᠮᠥᠨ᠃ ᠲᠦᠭ ᠲᠦᠮᠡᠨ | ᠬᠠᠯᠠᠭᠤᠨ ᠰᠡᠳᠬᠢᠯᠲᠦ ᠵᠠᠯᠠᠭᠤᠴᠤᠳ ᠴᠡᠷᠢᠭ ᠤᠨ ᠬᠤᠸᠠᠷᠠᠨ ᠳᠤ ᠣᠷᠣᠯᠴᠠᠭᠰᠠᠨ ᠠᠴᠠ ᠰᠠᠶ᠋ᠢ ᠤᠯᠤᠰ ᠣᠷᠣᠨ | ᠬᠦᠴᠦᠷᠬᠡᠭ ᠶᠡᠭᠡ ᠤᠯᠤᠰ ᠤᠨ ᠪᠠᠲᠤᠯᠠᠨ ᠬᠠᠮᠠᠭᠠᠯᠠᠯᠲᠠ ᠲᠠᠢ ᠪᠣᠯᠵᠤ ᠂ ᠰᠠᠶ᠋ᠢ ᠡᠬᠡ ᠣᠷᠣᠨ ᠥᠨᠢ ᠤᠳᠠᠭᠠᠨ ᠠᠮᠤᠷ | ᠲᠦᠪᠰᠢᠨ ᠪᠣᠯᠵᠤ ᠂ ᠰᠠᠶ᠋ᠢ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠪᠣᠯᠵᠤ ᠴᠢᠳᠠᠭᠰᠠᠨ ᠶᠤᠮ ᠃ | ᠺᠠᠶᠢᠯᠤ ᠰᠢᠶᠠᠨ ᠶᠡᠷᠦ ᠠᠴᠠ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠂ ᠴᠡᠷᠢᠭ ᠲᠤ ᠣᠷᠣᠵᠤ | ᠤᠯᠤᠰ ᠲᠠᠭᠠᠨ ᠵᠢᠳᠬᠦᠬᠦ ᠢᠷᠠᠭᠤ ᠠᠯᠳᠠᠷᠲᠤ ᠤᠯᠠᠮᠵᠢᠯᠠᠯ ᠲᠠᠢ ᠶᠤᠮ ᠂ ︽ ᠺᠠᠶᠢᠯᠤ ᠶᠢᠨ ᠴᠡᠷᠢᠭ ︾ ᠪᠣᠯ ᠨᠡᠩ ᠴᠤ | ᠨᠡᠷ᠎ᠡ ᠴᠤᠤᠲᠠᠢ ᠠᠯᠳᠠᠨ ᠦᠰᠦᠭᠲᠦ ᠫᠠᠶᠢᠰᠠ ᠮᠥᠨ ᠂ ᠬᠦᠴᠢᠷ ᠪᠡᠷᠬᠡᠰᠢᠶᠡᠯ ᠢ ᠵᠣᠷᠢᠭᠲᠠᠢ ᠪᠠᠷ ᠠᠮᠰᠠᠵᠤ ᠂ ᠬᠦᠴᠢᠷ | ᠪᠡᠷᠬᠡᠰᠢᠶᠡᠯ ᠢ ᠠᠮᠰᠠᠬᠤ ᠪᠣᠯ ᠮᠠᠨ ᠤ ᠨᠡᠷ᠎ᠡ ᠶᠢᠨ ᠬᠠᠭᠤᠳᠠᠰᠤ ᠮᠥᠨ ᠃ ᠵᠥᠪᠬᠡᠨ 2024 ᠣᠨ ᠤ ᠨᠢᠭᠡ ᠯᠡ | ᠵᠢᠯ ᠳᠤ ᠂ 1 ᠬᠥᠮᠥᠨ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠵᠤ ᠂ 22 ᠬᠥᠮᠥᠨ ᠭᠤᠷᠪᠠᠳᠤᠭᠠᠷ ᠳᠡᠰ ᠤᠨ | ᠭᠠᠪᠢᠶ᠎ᠠ ᠪᠠᠶᠢᠭᠤᠯᠵᠤ ᠂ 80 ᠭᠠᠷᠤᠢ ᠬᠥᠮᠥᠨ ︽ ᠳᠥᠷᠪᠡ ᠶᠢ ᠪᠦᠷᠢᠳᠦᠭᠦᠯᠦᠭᠰᠡᠨ ︾ ᠰᠢᠯᠢᠳᠡᠭ ᠬᠤᠪᠢ ᠬᠥᠮᠥᠨ ᠢ | ᠬᠦᠷᠲᠡᠵᠦ ᠂ ᠪᠠᠰᠠ ᠨᠡᠩ ᠤᠯᠠᠨ ᠨᠥᠬᠦᠳ ᠪᠠᠭ᠎ᠠ ᠣᠹᠢᠼᠧᠷ ᠤᠷᠤᠭᠤ ᠰᠢᠯᠵᠢᠵᠦ᠂ ᠨᠠᠮ ᠳᠤ ᠣᠷᠣᠵᠤ ᠂ ᠨᠤᠲᠤᠭ | ᠤᠰᠤᠨ ᠤ ᠪᠠᠨ ᠠᠷᠠᠳ ᠲᠦᠮᠡᠨ ᠳᠤ ᠢᠷᠠᠭᠤ ᠠᠯᠳᠠᠷ ᠢ ᠣᠯᠭᠤᠪᠠ᠂ ᠲᠡᠳᠡ ᠪᠣᠯ ᠺᠠᠶᠢᠯᠤ ᠶᠢᠨ ᠣᠮᠣᠭᠰᠢᠯ ᠮᠥᠨ ᠂ | ᠨᠡᠩ ᠴᠤ ᠥᠷᠭᠡᠨ ᠤᠯᠠᠨ ᠰᠢᠨ᠎ᠡ ᠴᠡᠷᠢᠭ ᠤᠨ ᠦᠯᠢᠭᠡᠷ ᠳᠠᠭᠤᠷᠢᠶᠠᠯ ᠮᠥᠨ ︕ | ᠲᠢᠶᠠᠨ ᠱᠢ ᠵᠧᠨ ᠱᠠᠭᠠᠷᠳᠠᠭᠰᠠᠨ ᠨᠢ᠂ ᠥᠷᠭᠡᠨ ᠣᠯᠠᠨ ᠰᠢᠨ᠎ᠡ ᠴᠡᠷᠢᠭ ᠴᠢᠩᠭ᠎ᠠ ᠪᠣᠯᠪᠠᠰᠤᠷᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠳᠤ ᠪᠡᠶ᠎ᠡ ᠪᠠᠨ ᠵᠣᠷᠢᠭᠤᠯᠵᠤ᠂ ᠴᠡᠷᠢᠭ ᠠᠩᠭᠢ ᠶᠢᠨ ᠠᠮᠢᠳᠤᠷᠠᠯ ᠳᠤ ᠠᠯᠢ | ᠲᠦᠷᠭᠡᠨ ᠢᠶᠠᠷ ᠵᠣᠬᠢᠴᠠᠵᠤ᠂ ᠵᠠᠷᠯᠢᠭ ᠢ ᠳᠠᠭᠠᠵᠤ᠂ ᠵᠢᠯᠣᠭᠤᠳᠤᠯᠭ᠎ᠠ ᠶᠢ ᠳᠠᠭᠠᠵᠤ᠂ ᠤᠳᠤᠷᠢᠳᠤᠯᠭ᠎ᠠ ᠶᠢ | ᠬᠦᠨᠳᠦᠳᠬᠡᠨ᠂ ᠨᠥᠬᠦᠳ ᠲᠠᠢ ᠪᠠᠨ ᠪᠦᠯᠬᠦᠮᠳᠡᠵᠦ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠢᠯᠢᠳᠡᠭ ᠰᠠᠶᠢᠨ | ᠵᠠᠩ ᠴᠢᠨᠠᠷ ᠪᠠ ᠰᠤᠷᠲᠠᠯ ᠢ ᠬᠥᠮᠥᠵᠢᠭᠦᠯᠦᠨ ᠪᠣᠶ ᠪᠣᠯᠭᠠᠬᠤ ᠬᠡᠷᠡᠭᠲᠡᠢ︔ ᠬᠠᠲᠠᠭᠤ ᠴᠢᠩᠭ᠎ᠠ ᠥᠷᠢᠰᠦᠯᠳᠦᠭᠡᠨ ᠢ | ᠳᠠᠭᠠᠭᠠᠵᠤ ᠂ ᠡᠷᠡᠰ ᠴᠢᠩᠭ᠎ᠠ ᠰᠥᠰᠥ ᠵᠣᠷᠢᠭ ᠪᠣᠯᠣᠨ ᠵᠠᠩ ᠴᠢᠨᠠᠷ ᠢ ᠳᠠᠪᠲᠠᠨ ᠪᠣᠯᠪᠠᠰᠤᠷᠠᠵᠤ᠂ ᠬᠢᠷᠢ ᠲᠡᠩᠴᠡᠭᠰᠡᠨ | ᠪᠠᠶᠢᠯᠳᠤᠭᠴᠢ ᠪᠣᠯᠭᠠᠨ ᠳᠠᠪᠲᠠᠨ ᠪᠣᠯᠪᠠᠰᠤᠷᠠᠬᠤ ᠬᠡᠷᠡᠭᠲᠡᠢ ᠃ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠬᠡᠷᠡᠭᠲᠡᠢ ᠃ | ᠭᠡᠷᠡᠯ ᠭᠢᠯᠪᠠᠭ᠎ᠠ ᠪᠠᠨ ᠨᠡᠮᠡᠭᠳᠡᠭᠦᠯᠦᠨ ᠮᠠᠨ ᠤ ᠴᠡᠷᠢᠭ ᠤᠨ ᠠᠷᠢᠭᠤᠨ ᠳᠠᠷᠬᠠᠨ ᠪᠥᠭᠡᠳ ᠢᠷᠠᠭᠤ ᠠᠯᠳᠠᠷᠲᠤ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︽ᠨᠠᠮ ᠤᠨ ᠵᠢᠯᠣᠭᠤᠳᠤᠯᠭ᠎ᠠ ᠶᠢ ᠳᠠᠭᠠᠵᠤ᠂ ᠢᠯᠠᠭᠤᠭᠰᠠᠨ ᠳᠠᠶᠢᠨ | ᠬᠢᠵᠦ ᠴᠢᠳᠠᠬᠤ᠂ ᠰᠢᠯᠢᠳᠡᠭ ᠰᠠᠶᠢᠨ ᠰᠤᠷᠲᠠᠯ ᠲᠠᠢ︾ ᠪᠠᠶᠢᠬᠤ ᠤᠯᠠᠮᠵᠢᠯᠠᠯ ᠢᠶᠠᠨ ᠪᠠᠳᠠᠷᠠᠭᠤᠯᠵᠤ᠂ ᠴᠢᠷᠮᠠᠶᠢᠨ | ᠰᠤᠷᠤᠯᠴᠠᠵᠤ ᠂ ᠰᠢᠷᠭᠠᠭᠤ ᠠᠵᠢᠯᠯᠠᠵᠤ ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠷ ᠢᠯᠠᠯᠲᠠ ᠣᠯᠬᠤ | ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠵᠤ᠂ ᠥᠪᠡᠷ ᠢ ᠪᠠᠨ ᠰᠦᠭ ᠰᠦᠨᠡᠰᠦ ᠲᠠᠢ ᠂ ᠡᠷᠳᠡᠮ | ᠴᠢᠳᠠᠪᠤᠷᠢ ᠲᠠᠢ ᠂ ᠣᠮᠤᠭ ᠵᠣᠷᠢᠭ ᠲᠠᠢ ᠂ ᠶᠣᠰᠣ ᠮᠣᠷᠠᠯ ᠲᠠᠢ ᠰᠢᠨ᠎ᠡ ᠴᠠᠭ ᠦᠶ᠎ᠡ ᠶᠢᠨ ᠬᠤᠪᠢᠰᠬᠠᠯᠲᠤ ᠴᠡᠷᠢᠭ | ᠪᠣᠯᠭᠠᠨ ᠳᠠᠪᠲᠠᠨ ᠪᠣᠯᠪᠠᠰᠤᠷᠠᠭᠤᠯᠬᠤ ᠪᠠᠷ ᠴᠢᠷᠮᠠᠶᠢᠵᠤ ᠂ ᠴᠡᠷᠢᠭ ᠢ ᠬᠦᠴᠦᠷᠬᠡᠭᠵᠢᠭᠦᠯᠵᠦ ᠴᠡᠷᠢᠭ ᠢ ᠮᠠᠨᠳᠤᠭᠤᠯᠬᠤ | ᠠᠭᠤᠤ ᠶᠡᠭᠡ ᠦᠢᠯᠡᠳᠦᠯᠭᠡ ᠶᠢᠨ ᠳᠤᠮᠳᠠ ᠡᠬᠡ ᠤᠯᠤᠰ ᠪᠣᠯᠣᠨ ᠠᠷᠠᠳ ᠲᠦᠮᠡᠨ ᠳᠡᠭᠡᠨ ᠭᠠᠪᠢᠶ᠎ᠠ ᠵᠢᠳᠬᠦᠯ | ᠪᠠᠶᠢᠭᠤᠯᠵᠤ ᠂ ᠨᠤᠲᠤᠭ ᠤᠰᠤᠨ ᠳᠠᠭᠠᠨ ᠢᠷᠠᠭᠤ ᠠᠯᠳᠠᠷ ᠣᠯᠭᠤᠵᠤ ᠂ ᠴᠡᠷᠢᠭ ᠤᠨ ᠲᠤᠭ ᠲᠤ ᠭᠡᠷᠡᠯ ᠭᠢᠯᠪᠠᠭ᠎ᠠ ᠪᠠᠨ | ᠨᠡᠮᠡᠷᠢᠯᠡᠶ᠎ᠡ︕ | ᠣᠶᠢᠯᠠᠭᠠᠭᠰᠠᠨ ᠢᠶᠠᠷ ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠮᠠᠨ ᠤ ᠰᠢᠶᠠᠨ ᠤ 40 ᠭᠠᠷᠤᠢ ᠰᠢᠯᠢᠳᠡᠭ | ᠺᠠᠶᠢᠯᠤ ᠶᠢᠨ ᠰᠢᠨ᠎ᠡ ᠴᠡᠷᠢᠭ ᠴᠡᠷᠢᠭ ᠤᠨ ᠬᠤᠸᠠᠷᠠᠨ ᠤ ᠲᠤᠬᠠᠢ ᠬᠦᠰᠡᠯ ᠡᠷᠡᠮᠡᠯᠵᠡᠯ ᠂ ᠲᠦᠷᠦᠯ ᠰᠠᠳᠤᠨ ᠤ ᠪᠠᠨ | ᠬᠦᠰᠡᠯ ᠨᠠᠶᠢᠳᠠᠯᠭ᠎ᠠ ᠶᠢ ᠡᠪᠦᠷᠯᠡᠵᠦ ᠂ ᠰᠠᠶᠢᠨ ᠰᠠᠶᠢᠬᠠᠨ ᠬᠦᠰᠡᠯ ᠡᠷᠡᠮᠡᠯᠵᠡᠯ ᠢ ᠡᠪᠦᠷᠯᠡᠵᠦ ᠂ ᠴᠡᠷᠢᠭ ᠲᠤ ᠣᠷᠣᠵᠤ | ᠤᠯᠤᠰ ᠲᠠᠭᠠᠨ ᠵᠢᠳᠬᠦᠬᠦ ᠠᠮᠢᠳᠤᠷᠠᠯ ᠤᠨ ᠰᠢᠨ᠎ᠡ ᠠᠶᠠᠨ ᠳᠠᠭᠠᠨ ᠮᠣᠷᠳᠠᠨ᠎ᠠ᠃ | ᠠᠵᠢᠯᠯᠠᠭ᠎ᠠ ᠶᠢᠨ ᠳᠤᠮᠳᠠ ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠥᠷᠭᠡᠨ | ᠤᠯᠠᠨ ᠰᠢᠨ᠎ᠡ ᠴᠡᠷᠢᠭ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠪᠠ᠃ | ᠰᠢᠨ᠎ᠡ ᠴᠡᠷᠢᠭ ᠤᠨ ᠲᠥᠯᠥᠭᠡᠯᠡᠭᠴᠢ᠂ ᠰᠢᠨ᠎ᠡ ᠴᠡᠷᠢᠭ ᠤᠨ ᠭᠡᠷ ᠤᠨ ᠠᠬᠠᠮᠠᠳ ᠤᠨ ᠲᠥᠯᠥᠭᠡᠯᠡᠭᠴᠢ ᠲᠣᠰ | ᠲᠣᠰ ᠦᠭᠡ ᠬᠡᠯᠡᠪᠡ᠃ ᠴᠡᠷᠢᠭ ᠲᠤ ᠣᠷᠣᠭᠰᠠᠨ ᠰᠢᠨ᠎ᠡ ᠴᠡᠷᠢᠭ ᠬᠠᠮᠲᠤ ᠪᠠᠷ ᠲᠠᠩᠭᠠᠷᠢᠭᠯᠠᠪᠠ᠃ ᠬᠤᠷᠠᠯ ᠳᠤ | ᠣᠷᠣᠯᠴᠠᠭᠰᠠᠨ ᠤᠳᠤᠷᠢᠳᠤᠯᠭ᠎ᠠ ᠠᠴᠠ ᠴᠡᠷᠢᠭ ᠲᠤ ᠣᠷᠣᠭᠰᠠᠨ ᠰᠢᠨ᠎ᠡ ᠴᠡᠷᠢᠭ ᠤᠨ ᠭᠡᠷ ᠪᠦᠯᠢ ᠳᠤ ᠢᠷᠠᠭᠤ | ᠠᠯᠳᠠᠷ ᠤᠨ ᠫᠠᠶᠢᠰᠠ ᠣᠯᠭᠤᠭᠰᠠᠨ ᠪᠥᠭᠡᠳ ᠬᠠᠮᠲᠤ ᠪᠠᠷ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠪᠠ᠃ ︵ | ᠯᠢᠦᠢ ᡁᠢ ᠮᠢᠨ ᠂ ᠪᠢ ᠯᠧ ᠲᠣᠣ︶ | |