3 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠲᠤᠬᠠᠢ ᠶᠢᠨ | ᠭᠠᠵᠠᠷ ᠲᠤᠨᠢ ᠭᠤᠣᠯ ᠢ ᠲᠣᠭᠤᠷᠢᠨ ᠪᠠᠶᠢᠴᠠᠭᠠᠬᠤ᠂ ᠣᠶ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠢ | ᠥᠷᠨᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ | | | | | | ᠸᠠᠩ ᠹᠧᠩ ᠰᠧᠨ ᠨᠠᠷ ᠤᠷᠢᠳ ᠬᠤᠵᠢᠳ ᠪᠠᠷᠠᠭᠤᠨ ᠯᠢᠶᠣᠣ ᠡᠾᠧ ᠭᠤᠣᠯ ᠤᠨ ᠶᠡᠷᠦᠩᠬᠡᠢ ᠠᠯᠪᠠᠨ ᠭᠡᠷ | ᠸᠧ ᠫᠦ᠋ ᠶᠢᠨ ᠤᠰᠤᠨ ᠠᠰᠢᠭᠯᠠᠯᠲᠠ ᠶᠢᠨ ᠬᠦᠢᠰᠦ᠂ ᠳ᠋ᠦᠩ ᠯᠠᠢ ᠪᠠᠯᠭᠠᠰᠤ ᠶᠢᠨ ᠱᠧᠩ ᠯᠢ ᠲᠣᠰᠬᠤᠨ ᠤ ᠬᠡᠰᠡᠭ ᠂ | ᠵᠢᠷᠭᠠᠯᠠᠩᠲᠤ ᠪᠠᠯᠭᠠᠰᠤ ᠶᠢᠨ ᠬᠠᠷᠠᠬᠤᠰᠢᠭᠤ ᠲᠣᠰᠬᠤᠨ ᠤ ᠡᠮᠦᠨ᠎ᠡ ᠬᠦᠷᠴᠦ ᠭᠤᠣᠯ ᠢ ᠲᠣᠭᠤᠷᠢᠨ ᠪᠠᠶᠢᠴᠠᠭᠠᠬᠤ᠂ | ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠂ ᠪᠠᠷᠠᠭᠤᠨ ᠯᠢᠶᠣᠣ ᠡᠾᠧ ᠭᠤᠣᠯ ᠤᠨ ᠤᠰᠤᠨ ᠤ | ᠪᠠᠶᠢᠳᠠᠯ ᠤᠰᠤᠨ ᠲᠦᠪᠰᠢᠨ ᠂ ᠭᠤᠣᠯ ᠤᠨ ᠵᠠᠮ ᠤᠨ ᠵᠠᠰᠠᠯᠲᠠ ᠂ ᠤᠢ ᠰᠢᠭᠤᠢ ᠶᠢᠨ ᠡᠬᠢ ᠪᠠᠶᠠᠯᠢᠭ ᠤᠨ | ᠬᠠᠮᠠᠭᠠᠯᠠᠯᠲᠠ ᠂ ᠡᠳᠦᠷ ᠲᠤᠳᠤᠮ ᠤᠨ ᠲᠣᠭᠤᠷᠢᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ ᠂ ᠭᠤᠣᠯ ᠤᠨ | ᠳᠠᠷᠤᠭ᠎ᠠ ᠶᠢᠨ ᠳᠦᠷᠢᠮ ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠪᠠ ᠃ | | | | | | ᠸᠠᠩ ᠹᠧᠩ ᠰᠧᠨ ᠴᠢᠩᠭᠠᠳᠬᠠᠭᠰᠠᠨ ᠨᠢ ᠂ ᠬᠤᠳᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ | ᠪᠠᠷᠠᠭᠤᠨ ᠯᠢᠶᠣᠣ ᠡᠾᠧ ᠭᠤᠣᠯ ᠤᠨ ᠬᠠᠮᠢᠶ᠎ᠠ ᠪᠦᠬᠦᠢ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ | ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ | ᠪᠠᠷᠠᠭᠤᠨ ᠯᠢᠶᠣᠣ ᠡᠾᠧ ᠭᠤᠣᠯ ᠤᠨ ᠭᠤᠣᠯ ᠤᠷᠤᠰᠬᠠᠯ ᠤᠨ ᠬᠤᠪᠢᠶᠠᠷᠢ ᠲᠣᠭᠤᠷᠢᠭ ᠤᠨ ᠬᠠᠮᠢᠶᠠᠷᠤᠯᠲᠠ ᠡᠵᠡᠮᠳᠡᠯ ᠢ | ᠥᠷᠨᠢᠭᠦᠯᠵᠦ ᠂ ᠭᠤᠣᠯ ᠮᠥᠷᠡᠨ ᠤ ᠭᠤᠯᠳᠤᠷᠢᠯ ᠢ ᠴᠡᠪᠡᠷᠯᠡᠬᠦ ᠂ ᠲᠠᠷᠢᠬᠤ ᠶᠢ ᠴᠠᠭᠠᠵᠠᠯᠠᠬᠤ ᠵᠡᠷᠭᠡ ᠠᠵᠢᠯ ᠢ ᠴᠢᠨᠠᠷ | ᠰᠠᠶᠢᠲᠠᠢ ᠪᠡᠶᠡᠯᠡᠭᠦᠯᠵᠦ ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠬᠠᠰᠢᠯᠭ᠎ᠠ ᠶᠢ | ᠲᠣᠭᠤᠷᠢᠨ ᠪᠠᠶᠢᠴᠠᠭᠠᠵᠤ ᠠᠶᠤᠯ ᠢ ᠪᠠᠶᠢᠴᠠᠭᠠᠬᠤ ᠶᠢ ᠴᠢᠩᠭᠠᠳᠬᠠᠵᠤ ᠂ ᠲᠣᠭᠤᠷᠢᠨ ᠪᠠᠶᠢᠴᠠᠭᠠᠬᠤ ᠤᠳᠠᠭ᠎ᠠ ᠶᠢ | ᠨᠢᠭᠤᠴᠠᠯᠠᠵᠤ ᠂ ᠤᠯᠠᠨ ᠲᠦᠮᠡᠨ ᠪᠠ ᠶᠠᠪᠠᠭᠠᠨ ᠬᠥᠮᠥᠨ ᠢ ᠴᠠᠭ ᠲᠤᠬᠠᠢ ᠳᠤᠨᠢ ᠢᠳᠬᠠᠵᠤ ᠪᠠᠶᠢᠭᠠᠳ ᠦᠶᠡᠷ ᠵᠠᠯᠠᠬᠤ | ᠭᠤᠣᠯ ᠤᠨ ᠵᠠᠮ ᠠᠴᠠ ᠬᠤᠯᠠ ᠪᠠᠶᠢᠯᠭᠠᠬᠤ ᠬᠡᠷᠡᠭᠲᠡᠢ ᠪᠥᠭᠡᠳ ᠠᠶᠤᠯᠲᠠᠢ ᠪᠠᠷᠢᠯᠭ᠎ᠠ ᠶᠢᠨ ᠠᠶᠤᠯᠲᠠᠢ ᠬᠡᠰᠡᠭ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ ᠂ ᠳᠠᠯᠳᠠ ᠠᠶᠤᠯ ᠲᠦᠭᠰᠢᠭᠦᠷᠢ ᠶᠢᠨ ᠭᠡᠮ ᠰᠣᠭᠤᠭ ᠢ | ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠃ ᠭᠤᠣᠯ ᠤᠨ ᠳᠠᠷᠤᠭ᠎ᠠ ᠶᠢᠨ ᠳᠦᠷᠢᠮ ᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ ᠪᠣᠳᠠᠲᠠᠢ ᠪᠠᠷ ᠬᠡᠷᠡᠭᠵᠢᠭᠦᠯᠵᠦ ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠢ ᠪᠠᠷ ᠴᠢᠩᠭ᠎ᠠ | ᠳᠠᠷᠤᠵᠤ ᠂ ᠪᠠᠷᠠᠭᠤᠨ ᠯᠢᠶᠣᠣ ᠡᠾᠧ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ | ᠸᠠᠩ ᠹᠧᠩ ᠰᠧᠨ ᠴᠢᠩᠭᠠᠳᠬᠠᠭᠰᠠᠨ ᠨᠢ ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ ᠂ ᠤᠢ ᠰᠢᠭᠤᠢ ᠶᠢ | ᠲᠣᠭᠤᠷᠢᠨ ᠪᠠᠶᠢᠴᠠᠭᠠᠬᠤ ᠶᠢ ᠪᠠᠶᠢᠩᠭᠤᠵᠢᠭᠤᠯᠬᠤ ᠶᠢ ᠪᠠᠷᠢᠮᠲᠠᠯᠠᠵᠤ ᠂ ᠲᠣᠪᠣᠶᠢᠮ᠎ᠠ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ ᠂ ᠤᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠦᠨᠡᠨ ᠬᠦ | ᠴᠢᠩᠭᠠᠳᠬᠠᠵᠤ ᠂ ᠤᠢ ᠰᠢᠭᠤᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ ᠬᠡᠷᠡᠭᠲᠡᠢ ᠃ | ᠤᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ ᠂ ᠬᠥᠮᠥᠨ ᠢᠶᠠᠷ ᠰᠡᠷᠭᠡᠶᠢᠯᠡᠬᠦ ᠂ ᠪᠣᠳᠠᠰ | ᠢᠶᠠᠷ ᠰᠡᠷᠭᠡᠶᠢᠯᠡᠬᠦ ᠂ ᠮᠡᠷᠭᠡᠵᠢᠯ ᠢᠶᠠᠷ ᠰᠡᠷᠭᠡᠶᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ ᠂ ᠤᠢ ᠰᠢᠭᠤᠢ ᠶᠢᠨ ᠡᠬᠢ | ᠪᠠᠶᠠᠯᠢᠭ ᠢ ᠬᠠᠮᠠᠭᠠᠯᠠᠬᠤ ᠪᠠ ᠰᠡᠷᠭᠡᠶᠢᠯᠡᠵᠦ ᠭᠠᠯ ᠤᠨᠲᠠᠷᠠᠭᠠᠬᠤ ᠶᠡᠷᠦᠩᠬᠡᠶᠢᠯᠡᠭᠰᠡᠨ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ ᠂ ᠤᠢ ᠰᠢᠭᠤᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ | ᠪᠠᠬᠢᠵᠢᠭᠦᠯᠬᠦ ᠬᠡᠷᠡᠭᠲᠡᠢ᠃ | |