3 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ | ᠯᠢᠦ ᠶᠠᠩ ᠺᠠᠶᠢᠯᠤ ᠪᠠᠯᠭᠠᠰᠤᠨ ᠤ ᠰᠢ ᠪᠦᠦ ᠵᠡᠷᠭᠡ ᠲᠣᠰᠬᠤᠨ ᠤ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ | ᠤᠨᠠᠯᠲᠠ ᠲᠠᠢ ᠪᠣᠯᠭᠠᠬᠤ ᠲᠦᠮᠡᠨ ᠮᠦ ᠶᠢᠨ ᠬᠡᠰᠡᠭ᠂ ᠰᠢᠨ ᠷᠦᠩ ᠲᠣᠰᠬᠤᠨ ᠤ ᠷᠦᠩ ᠾᠧᠩ ᠮᠠᠯ ᠠᠵᠤ ᠠᠬᠤᠢ | ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ᠂ ᠮᠢᠨ ᠽᠦ᠋ ᠲᠣᠰᠬᠤᠨ ᠤ ᠪᠠᠷᠢᠮᠵᠢᠶᠠᠵᠢᠭᠤᠯᠤᠭᠰᠠᠨ ᠵᠢᠮᠢᠰ ᠤᠨ | ᠬᠦᠷᠢᠶᠡᠯᠡᠩ᠂ ᠡᠾᠦ᠋ᠩ ᠴᠢ ᠲᠣᠰᠬᠤᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠰᠠᠭᠤᠷᠢᠨ ᠭᠠᠵᠠᠷ ᠲᠤ | ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠠᠵᠤ ᠦᠢᠯᠡᠰ ᠤᠨ ᠲᠥᠯᠦᠪᠵᠢᠭᠦᠯᠭᠡ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠢ | ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ᠃ | | | | | | ᠯᠢᠦ ᠶᠠᠩ ᠴᠢᠩᠭᠠᠳᠬᠠᠭᠰᠠᠨ ᠨᠢ᠂ ᠺᠠᠶᠢᠯᠤ ᠪᠠᠯᠭᠠᠰᠤᠨ ᠤ ᠲᠠᠷᠢᠶᠠᠨ ᠭᠠᠵᠠᠷ ᠤᠨ ᠲᠠᠯᠠᠪᠠᠶ ᠶᠡᠭᠡ᠂ | ᠲᠠᠷᠢᠶᠠᠯᠠᠩ ᠤᠨ ᠬᠥᠮᠥᠨ ᠠᠮᠠ ᠣᠯᠠᠨ ᠪᠣᠯᠬᠤᠷ ︽ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ︾ ᠶᠡᠷᠦᠩᠬᠡᠢ | ᠱᠠᠭᠠᠷᠳᠠᠯᠭ᠎ᠠ ᠶᠣᠰᠣᠭᠠᠷ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠪᠠᠷ ᠰᠠᠭᠤᠷᠢ ᠪᠣᠯᠭᠠᠵᠤ᠂ ︽ | ᠤᠨᠠᠯᠲᠠ ᠶᠢ ᠪᠠᠲᠤᠯᠠᠵᠤ ᠨᠠᠶᠢᠳᠠᠨ ᠬᠠᠮᠢᠶᠠᠷᠤᠭᠤᠯᠬᠤ︾ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠭᠠᠵᠠᠷ ᠰᠢᠷᠣᠢ ᠶᠢ | ᠬᠡᠪᠴᠢᠶᠡᠵᠢᠭᠦᠯᠦᠨ ᠡᠷᠭᠢᠯᠳᠦᠭᠦᠯᠬᠦ᠂ ᠡᠷᠴᠢᠮᠵᠢᠭᠦᠯᠦᠨ ᠡᠵᠡᠩᠨᠡᠬᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ | ᠪᠡᠶᠡᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠲᠠᠷᠢᠶᠠᠴᠢᠳ ᠤᠨ ᠡᠵᠡᠩᠨᠡᠯᠲᠡ ᠶᠢᠨ ᠣᠷᠣᠯᠭ᠎ᠠ ᠶᠢ ᠦᠨᠡᠨ ᠬᠦ ᠨᠡᠮᠡᠭᠳᠡᠭᠦᠯᠬᠦ ᠬᠡᠷᠡᠭᠲᠡᠢ᠃ ᠲᠠᠷᠢᠶᠠᠨ ᠦᠷ᠎ᠡ ᠂ | ᠬᠢᠮᠢ ᠶᠢᠨ ᠪᠣᠷᠳᠣᠭᠤᠷ ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠠ ᠪᠤᠬ᠎ᠠ | ᠲᠡᠷᠭᠡᠨ ᠤ ᠪᠡᠯᠡᠳᠬᠡᠯ ᠠᠵᠢᠯ ᠢ ᠰᠠᠶᠢᠲᠤᠷ ᠠᠳᠬᠤᠵᠤ ᠂ ᠲᠠᠷᠢᠶᠠᠯᠠᠩ ᠤᠨ ᠴᠠᠭ ᠢ ᠰᠠᠭᠠᠲᠠᠭᠠᠬᠤ ᠦᠭᠡᠢ ᠂ | ᠦᠢᠯᠡᠳᠪᠦᠷᠢᠯᠡᠯ ᠢ ᠨᠥᠯᠥᠭᠡᠯᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠃ ︽ ᠦᠬᠡᠷ ᠤᠨ ᠦᠨ᠎ᠡ ᠶᠢ | ᠲᠣᠭᠲᠠᠪᠤᠷᠢᠵᠢᠭᠤᠯᠵᠤ ᠬᠤᠨᠢ ᠢᠮᠠᠭ᠎ᠠ ᠶᠢᠨ ᠦᠨ᠎ᠡ ᠶᠢ ᠰᠠᠶᠢᠵᠢᠷᠠᠭᠤᠯᠬᠤ ︾ ᠬᠥᠭᠵᠢᠯᠲᠡ ᠶᠢᠨ ᠰᠡᠳᠬᠢᠴᠡ ᠪᠠᠷ | ᠰᠠᠶᠢᠨ ᠡᠭᠦᠯᠳᠡᠷ ᠢ ᠣᠷᠣᠭᠤᠯᠤᠨ ᠠᠪᠴᠢᠷᠠᠬᠤ ᠂ ᠡᠳ᠋ᠰᠢᠭᠦᠯᠬᠦ ᠶᠢ ᠭᠦᠨᠵᠡᠭᠡᠶᠢᠷᠡᠭᠦᠯᠬᠦ ᠂ ᠪᠦᠲᠦᠭᠡᠭᠳᠡᠬᠦᠨ ᠢ ᠡᠵᠡᠩᠨᠡᠨ | ᠪᠣᠷᠣᠯᠠᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ ᠂ ᠠᠯᠠᠰᠢᠨ ᠬᠤᠨᠢᠨ ᠤ ᠠᠵᠤ ᠦᠢᠯᠡᠰ ᠤᠨ ᠲᠦᠷᠦᠯ | ᠲᠡᠮᠳᠡᠭ ᠢ ᠪᠦᠷᠢᠯᠳᠦᠭᠦᠯᠵᠦ ᠂ ᠥᠨᠳᠥᠷ ᠲᠦᠪᠰᠢᠨ ᠳᠤ ᠬᠦᠷᠬᠦ ᠶᠢ ᠠᠬᠢᠭᠤᠯᠬᠤ ᠬᠡᠷᠡᠭᠲᠡᠢ ᠃ ᠪᠠᠷᠢᠮᠵᠢᠶᠠᠵᠢᠭᠤᠯᠤᠨ | ᠦᠢᠯᠡᠳᠪᠦᠷᠢᠯᠡᠬᠦ ᠪᠠ ᠨᠠᠷᠢᠯᠢᠭᠵᠢᠭᠤᠯᠤᠨ ᠡᠳ᠋ᠰᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ ᠂ ᠤᠢ | ᠰᠢᠭᠤᠢ ᠵᠢᠮᠢᠰ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ ᠂ ᠤᠢ ᠰᠢᠭᠤᠢ ᠵᠢᠮᠢᠰ ᠤᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠵᠤ ᠂ ᠵᠢᠮᠢᠰ ᠤᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ | ᠪᠠᠶᠠᠵᠢᠬᠤ ᠳᠤ ᠬᠦᠴᠦ ᠨᠡᠮᠡᠷᠢᠯᠡᠬᠦ ᠬᠡᠷᠡᠭᠲᠡᠢ ᠃ | | | | | | ᠯᠢᠦ ᠶᠠᠩ ᠵᠢᠭᠠᠭᠰᠠᠨ ᠨᠢ᠂ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠂ ᠮᠠᠯ ᠮᠠᠯᠵᠢᠬᠤ ᠶᠢ ᠴᠠᠭᠠᠵᠠᠯᠠᠬᠤ ᠂ | ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠂ ᠠᠶᠢᠯ ᠲᠣᠰᠬᠤᠨ ᠢ ᠴᠡᠪᠡᠷᠯᠡᠬᠦ ᠵᠡᠷᠭᠡ ᠬᠠᠮᠢᠶ᠎ᠠ ᠪᠦᠬᠦᠢ ᠠᠵᠢᠯ ᠢ | ᠦᠷᠭᠦᠯᠵᠢᠯᠡᠨ ᠰᠠᠶᠢᠲᠤᠷ ᠠᠳᠬᠤᠵᠤ ᠂ ᠥᠷᠭᠡᠨ ᠤᠯᠠᠨ ᠲᠦᠮᠡᠨ ᠤ ᠣᠷᠣᠰᠢᠨ ᠰᠠᠭᠤᠬᠤ ᠳᠤ ᠲᠣᠬᠢᠷᠠᠮᠵᠢᠲᠠᠢ | ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠦᠨᠡᠨ ᠬᠦ ᠪᠤᠢ ᠪᠣᠯᠭᠠᠬᠤ ᠬᠡᠷᠡᠭᠲᠡᠢ ᠃ | |