ᠪᠦᠬᠦ ᠰᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/19
      3 ᠰᠠᠷ᠎ᠠ ᠶᠢᠨ 18 ᠤ ᠡᠳᠦᠷ ᠂ ᠪᠦᠬᠦ ᠰᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠲᠦᠩᠯᠢᠶᠣᠣ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠤᠬᠠᠭᠤᠯᠬᠤ ᠬᠡᠯᠲᠡᠰ ᠤᠨ ᠳᠠᠷᠤᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠢᠴᠢ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ 2024 ᠣᠨ  ᠤ ᠠᠵᠢᠯ ᠢ ᠳ᠋ᠦᠩᠨᠡᠵᠦ ᠂ 2025 ᠣᠨ ᠤ ᠡᠭᠦᠷᠭᠡ ᠶᠢ ᠪᠠᠶᠢᠷᠢᠯᠠᠭᠤᠯᠵᠤ ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ ᠂ ᠬᠠᠮᠲᠤ  ᠶᠢᠨ ᠲᠠᠨᠢᠯᠲᠠ ᠪᠠᠨ ᠨᠢᠭᠲᠠᠷᠠᠭᠤᠯᠵᠤ ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ ᠂ ᠰᠢᠨ᠎ᠡ ᠶᠢ ᠡᠭᠦᠳᠦᠨ ᠪᠣᠳᠠᠲᠠᠢ ᠠᠵᠢᠯᠯᠠᠭᠤᠯᠵᠤ ᠂ ᠺᠠᠶᠢᠯᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠪᠠᠲᠤ ᠪᠠᠬᠢ ᠦᠵᠡᠯ ᠰᠠᠨᠠᠭ᠎ᠠ ᠂ ᠤᠯᠤᠰ ᠲᠦᠷᠦ ᠪᠣᠯᠣᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠯᠢᠦ ᠶᠠᠩ ᠂ ᠵᠠᠩ ᠸᠧᠨ ᠵᠢᠶᠦ᠋ᠨ ᠂ ᠵᠢᠶᠠᠩ ᠵᠢᠩ ᠶᠢᠩ ᠂ ᠯᠢᠦ ᠶᠣᠣ ᠵᠡᠷᠭᠡ ᠰᠢᠶᠠᠨ ᠤ ᠳᠦᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ ᠂ ᠰᠢᠶᠠᠨ ᠤ ᠨᠠᠮ  ᠤᠨ ᠬᠤᠷᠢᠶᠠᠨ  ᠤ ᠳᠡᠳ᠋ ᠱᠦᠵᠢ ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠶᠣᠣ ᠬᠤᠷᠠᠯ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃
8c1c52d30d37c054d836dfb9fd91221f_W020250319362669793987.png
      ᠬᠤᠷᠠᠯ ᠠᠴᠠ ᠴᠢᠩᠭᠠᠳᠬᠠᠭᠰᠠᠨ ᠨᠢ᠂ ᠵᠣᠬᠢᠶᠠᠨ ᠪᠠᠶᠢᠭᠤᠯᠬᠤ ᠂ ᠤᠬᠠᠭᠤᠯᠬᠤ ᠂ ᠨᠢᠭᠡᠳᠦᠮᠡᠯ ᠹᠷᠣᠨᠲ ᠂ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠵᠢᠴᠢ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ  ᠪᠠᠷ ᠭᠤᠣᠯ ᠰᠢᠵᠢᠮ ᠪᠣᠯᠭᠠᠵᠤ ᠂ ᠥᠭᠡᠷᠡᠴᠢᠯᠡᠯᠲᠡ ᠬᠥᠭᠵᠢᠯᠲᠡ ᠲᠣᠭᠲᠠᠭᠤᠨ  ᠤ ᠶᠡᠭᠡ ᠲᠠᠯ᠎ᠠ  ᠶᠢ ᠪᠠᠲᠤᠯᠠᠬᠤ  ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠪᠣᠯᠣᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠃      ᠬᠤᠷᠠᠯ ᠠᠴᠠ ᠱᠠᠭᠠᠷᠳᠠᠭᠰᠠᠨ ᠨᠢ᠂ ᠵᠣᠬᠢᠶᠠᠨ ᠪᠠᠶᠢᠭᠤᠯᠬᠤ ᠠᠵᠢᠯ ᠨᠢ ᠶᠡᠭᠡ ᠲᠠᠯ᠎ᠠ ᠶᠢᠨ ᠲᠣᠭᠤᠷᠢᠨ ᠳᠤ ᠬᠥᠮᠥᠨ ᠰᠣᠩᠭᠤᠨ ᠬᠥᠮᠥᠨ ᠬᠡᠷᠡᠭᠯᠡᠵᠦ ᠂ ᠰᠠᠭᠤᠷᠢ ᠶᠢ ᠪᠠᠲᠤᠳᠬᠠᠨ ᠰᠠᠭᠤᠷᠢ ᠶᠢ ᠪᠠᠬᠢᠵᠢᠭᠦᠯᠵᠦ ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠂ ᠲᠠᠶᠢᠴᠢᠨ ᠬᠦᠴᠦᠨ ᠂ ᠨᠢᠭᠲᠠᠷᠠᠭᠤᠯᠬᠤ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ ᠃ ︽ ᠳᠥᠷᠪᠡ  ᠪᠠᠷ ᠰᠤᠷᠤᠯᠴᠠᠬᠤ ︾ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ︽ ᠨᠠᠮ ᠤᠨ ᠠᠴᠢ ᠶᠢ ᠣᠶᠢᠯᠠᠭᠠᠬᠤ ᠂ ᠨᠠᠮ ᠤᠨ ᠦᠭᠡ ᠶᠢ ᠰᠣᠨᠣᠰᠬᠤ ᠂ ᠨᠠᠮ ᠢᠶᠠᠨ ᠳᠠᠭᠠᠬᠤ ︾ ᠪᠠᠶᠢᠩᠭᠤᠵᠢᠭᠰᠠᠨ ᠤᠯᠠᠨ ᠲᠦᠮᠡᠨ ᠤ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ ︔ ︽ᠱᠦᠵᠢ ᠶᠢᠨ ᠲᠥᠷᠥᠯ ᠵᠦᠢᠯ︾ ᠤᠨ ᠨᠡᠶᠢᠲᠡᠯᠢᠭ ᠵᠢᠱᠢᠶ᠎ᠡ ᠦᠵᠡᠭᠦᠯᠬᠦ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠭᠤᠷᠪᠠᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ  ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠤᠬᠠᠭᠤᠯᠭ᠎ᠠ ᠶᠢᠨ ᠠᠵᠢᠯ  ᠨᠢ ᠶᠡᠭᠡ ᠲᠠᠯ᠎ᠠ ᠶᠢᠨ ᠲᠣᠭᠤᠷᠢᠨ ᠳᠤ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠴᠤ ᠂ ᠴᠤᠭ ᠰᠦᠯᠳᠡ ᠪᠠᠨ ᠪᠠᠳᠠᠷᠠᠭᠤᠯᠤᠨ ᠂ ᠤᠯᠠᠮᠵᠢᠯᠠᠨ ᠳᠡᠯᠭᠡᠷᠡᠭᠦᠯᠬᠦ ᠬᠦᠴᠦᠨ ᠂ ᠬᠥᠲᠥᠯᠥᠨ ᠳᠠᠭᠠᠭᠤᠯᠬᠤ ᠬᠦᠴᠦᠨ ᠂ ᠨᠥᠯᠥᠭᠡᠯᠡᠬᠦ ᠬᠦᠴᠦᠨ ᠢᠶᠠᠨ ᠦᠨᠡᠨ ᠬᠦ ᠨᠡᠮᠡᠭᠳᠡᠭᠦᠯᠬᠦ ᠬᠡᠷᠡᠭᠲᠡᠢ ᠃ ᠤᠯᠠᠨ ᠲᠦᠮᠡᠨᠴᠢᠯᠡᠬᠦ ᠂ ᠤᠨᠢᠨ ᠳᠡᠭᠡᠷ᠎ᠡ ᠨᠢ ᠤᠨᠤᠯ ᠤᠨ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠬᠦ ᠬᠡᠷᠡᠭᠲᠡᠢ ︔ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠦᠷᠭᠦᠯᠵᠢᠯᠡᠨ ᠪᠠᠬᠢᠵᠢᠭᠦᠯᠦᠨ ᠪᠤᠵᠠᠭᠠᠶᠢᠷᠠᠭᠤᠯᠬᠤ ᠬᠡᠷᠡᠭᠲᠡᠢ ︔ ᠤᠮᠠᠷᠠᠲᠤ  ᠶᠢᠨ ᠰᠣᠶᠣᠯ ᠤᠨ ᠭᠤᠣᠯ ᠰᠡᠳᠦᠪᠲᠦ ᠱᠠᠭᠠᠷᠳᠠᠯᠭ᠎ᠠ ᠶᠢ ᠰᠠᠶᠢᠲᠤᠷ ᠡᠵᠡᠮᠳᠡᠵᠦ ᠂ ᠬᠥᠮᠥᠰ ᠤᠨ ᠰᠡᠳᠬᠢᠯ ᠢ ᠬᠥᠳᠡᠯᠭᠡᠬᠦ ᠂ ᠤᠯᠠᠨ ᠤ ᠬᠦᠷᠢᠶᠡᠯᠡᠯ ᠢ ᠣᠯᠬᠤ ᠨᠢᠭᠡ ᠪᠦᠯᠦᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠂ ᠰᠣᠶᠣᠯ ᠤᠨ ᠦᠢᠯᠡᠰ ᠠᠵᠤ ᠦᠢᠯᠡᠰ ᠤᠨ ᠴᠡᠴᠡᠭᠯᠡᠯ ᠬᠥᠭᠵᠢᠯ  ᠢ ᠠᠬᠢᠭᠤᠯᠬᠤ ᠬᠡᠷᠡᠭᠲᠡᠢ ︔ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠦᠬᠦ ᠲᠠᠯ᠎ᠠ ᠶᠢᠨ ᠳᠡᠭᠡᠭᠰᠢᠯᠡᠯᠲᠡ ᠶᠢ ᠠᠬᠢᠭᠤᠯᠵᠤ ᠂ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠢ ᠡᠷᠡᠰ ᠰᠠᠬᠢᠬᠤ ᠬᠡᠷᠡᠭᠲᠡᠢ ᠃
aa13799366949adba7949a70a731ab3b_W020250319362669818988.png
      ᠬᠤᠷᠠᠯ ᠠᠴᠠ ᠱᠠᠭᠠᠷᠳᠠᠭᠰᠠᠨ ᠨᠢ᠂ ᠨᠢᠭᠡᠳᠦᠮᠡᠯ ᠹᠷᠣᠨᠲ  ᠤᠨ ᠠᠵᠢᠯ ᠶᠡᠭᠡ ᠲᠠᠯ᠎ᠠ  ᠶᠢᠨ ᠲᠣᠭᠤᠷᠢᠨ  ᠳᠤ ᠦᠨᠡᠨ ᠰᠡᠳᠬᠢᠯ ᠠᠴᠠ ᠪᠠᠨ ᠪᠦᠯᠬᠦᠮᠳᠡᠵᠦ ᠂ ᠬᠦᠴᠦᠨ ᠢᠶᠠᠨ ᠨᠢᠭᠲᠠᠷᠠᠭᠤᠯᠵᠤ ᠂ ᠪᠦᠲᠦᠭᠡᠯᠴᠢ ᠬᠦᠴᠦᠨ ᠂ ᠤᠷᠢᠶᠠᠯᠠᠬᠤ ᠬᠦᠴᠦᠨ ᠂ ᠲᠥᠪᠯᠡᠩᠭᠦᠢ ᠬᠦᠴᠦᠨ ᠢᠶᠠᠨ ᠦᠨᠡᠨ ᠬᠦ ᠴᠢᠩᠭᠠᠳᠬᠠᠬᠤ ᠬᠡᠷᠡᠭᠲᠡᠢ ᠃ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ ᠬᠡᠷᠡᠭᠲᠡᠢ ︔ ︽ 8 + N  ᠢᠶᠠᠷ ᠤᠷᠤᠭᠰᠢᠯᠠᠭᠤᠯᠬᠤ ︾ ᠠᠵᠢᠯ ᠢ ᠭᠦᠨᠵᠡᠭᠡᠢ ᠥᠷᠨᠢᠭᠦᠯᠵᠦ ᠂ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠬᠦ ᠶᠢ ᠠᠬᠢᠭᠤᠯᠪᠠ ︔ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠢ ᠪᠣᠳᠠᠲᠠᠢ ᠠᠳᠬᠤᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ  ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠬᠡᠷᠡᠭᠲᠡᠢ ︔ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠱᠠᠰᠢᠨ ᠰᠤᠷᠲᠠᠬᠤᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠨᠡᠶᠢᠭᠡᠮ  ᠤᠨ ᠠᠵᠢᠯ ᠳᠤ ᠶᠡᠭᠡ ᠲᠠᠯ᠎ᠠ ᠶᠢᠨ ᠲᠣᠭᠤᠷᠢᠨ ᠳᠤ ᠵᠠᠰᠠᠯᠲᠠ ᠶᠢ ᠴᠢᠩᠭᠠᠳᠬᠠᠵᠤ ᠂ ᠲᠣᠭᠲᠠᠭᠤᠨ ᠪᠠᠶᠢᠳᠠᠯ ᠢ ᠬᠠᠮᠠᠭᠠᠯᠠᠵᠤ ᠂ ᠵᠣᠬᠢᠶᠠᠨ ᠪᠠᠶᠢᠭᠤᠯᠬᠤ ᠬᠦᠴᠦᠨ ᠂ ᠵᠣᠬᠢᠴᠠᠭᠤᠯᠬᠤ ᠬᠦᠴᠦᠨ ᠂ ᠦᠢᠯᠡᠴᠢᠯᠡᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ ᠃ ᠰᠢᠨ᠎ᠡ ᠪᠠᠷ ᠮᠠᠨᠳᠤᠭᠰᠠᠨ ᠬᠦᠷᠢᠶᠡᠨ  ᠤ ᠨᠠᠮ ᠤᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢᠨ ︽ ᠬᠤᠶᠠᠷ ᠢ ᠪᠦᠷᠬᠦᠭᠦᠯᠬᠦ ︾ ᠂ ︽ ᠭᠤᠷᠪᠠ ᠶᠢ ᠠᠰᠠᠭᠤᠵᠤ ᠭᠤᠷᠪᠠ ᠶᠢ ᠪᠠᠶᠢᠭᠤᠯᠵᠤ ᠭᠤᠷᠪᠠ ᠶᠢ ᠬᠥᠲᠥᠯᠥᠨ ᠳᠠᠭᠠᠭᠤᠯᠬᠤ ︾ ᠪᠠ ᠰᠢᠨ᠎ᠡ ᠠᠵᠢᠯ ᠣᠯᠭᠤᠯᠲᠠ ᠶᠢᠨ ᠬᠠᠮᠲᠤᠯᠢᠭ  ᠢ ᠬᠠᠯᠠᠮᠵᠢᠯᠠᠨ ᠬᠠᠶᠢᠷᠠᠯᠠᠬᠤ ᠰᠢᠷᠢᠰ ᠠᠵᠢᠯᠯᠠᠭ᠎ᠠ  ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ ︔ ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠦᠨᠳᠦᠰᠦᠨ ᠱᠠᠲᠤᠨ  ᠤ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ ᠂ ᠨᠡᠩ ᠢᠯᠡᠭᠦᠦ ᠠᠮᠢᠵᠢᠷᠠᠯ  ᠤᠨ ᠬᠦᠴᠦᠨ  ᠲᠠᠢ ᠂ ᠨᠡᠩ ᠢᠯᠡᠭᠦᠦ ᠦᠷ᠎ᠡ ᠪᠦᠲᠦᠮᠵᠢ ᠲᠠᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ  ᠢ ᠲᠦᠷᠭᠡᠨ ᠪᠠᠶᠢᠭᠤᠯᠬᠤ ᠬᠡᠷᠡᠭᠲᠡᠢ ︔ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠨᠡᠶᠢᠭᠡᠮ ᠤᠨ ᠰᠠᠶᠢᠨ ᠳᠤᠷ᠎ᠠ  ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠼᠤᠤ ᠰᠢᠶᠠᠨ ᠵᠢᠩ᠂ ᠰᠢᠶᠠᠨ ᠤ ᠨᠠᠮ  ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠾᠧ ᠴᠦᠨ ᠡᠾᠦ᠋ᠩ ᠵᠢᠴᠢ ᠰᠢᠶᠠᠨ ᠤ ᠨᠠᠮ ᠤᠨ ᠬᠤᠷᠢᠶ᠎ᠠ  ᠶᠢᠨ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠰ ᠲᠣᠰ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠨᠡᠶᠢᠭᠡᠮ ᠤᠨ ᠠᠵᠢᠯ ᠤᠨ ᠬᠡᠯᠲᠡᠰ ᠤᠨ ᠠᠵᠢᠯ ᠢ ᠪᠣᠳᠠᠲᠠᠢ ᠲᠣᠬᠢᠷᠠᠭᠤᠯᠤᠨ ᠪᠠᠶᠢᠷᠢᠯᠠᠭᠤᠯᠪᠠ᠃ ︵ ᠵᠠᠩ ᠮᠧᠢ ᠨᠠ ᠂ ᠱᠤᠤ ᠶᠦᠨ ᠵᠧ ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号