ᠮᠠᠨ ᠤ ᠰᠢᠶᠠᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ  ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/20
      3 ᠰᠠᠷ᠎ᠠ  ᠶᠢᠨ 19  ᠤ ᠡᠳᠦᠷ ᠤᠨ ᠦᠳᠡ ᠶᠢᠨ ᠬᠤᠶᠢᠨ᠎ᠠ ᠂ ᠮᠠᠨ ᠤ ᠰᠢᠶᠠᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠲᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠠᠷᠪᠠᠨ ᠳᠥᠷᠪᠡᠳᠦᠭᠡᠷ ᠬᠤᠭᠤᠴᠠᠭᠠᠨ  ᠤ ᠪᠦᠬᠦ ᠤᠯᠤᠰ  ᠤᠨ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ᠥᠪᠥᠷ ᠮᠣᠩᠭᠤᠯ  ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠂ ᠫᠷᠤᠹᠥᠰᠰᠤᠷ ᠴᠧᠨ ᠠᠢ ᠰᠢᠤᠸᠠᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ ᠃ ᠸᠠᠩ ᠹᠧᠩ ᠰᠧᠨ ᠂ ᠵᠠᠩ ᠸᠧᠨ ᠵᠢᠶᠦ᠋ᠨ ᠂ ᠵᠢᠶᠠᠩ ᠵᠢᠩ ᠶᠢᠩ ᠂ ᠯᠢᠦ ᠶᠣᠣ ᠵᠡᠷᠭᠡ ᠰᠢᠶᠠᠨ ᠤ ᠲᠦᠷᠪᠡᠨ ᠶᠡᠭᠡ ᠪᠠᠭ  ᠤᠨ ᠭᠡᠷ ᠲᠤ ᠪᠠᠨ ᠪᠠᠶᠢᠬᠤ ᠤᠳᠤᠷᠢᠳᠤᠯᠭ᠎ᠠ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠾᠧ ᠴᠦᠨ ᠡᠾᠦ᠋ᠩ ᠬᠤᠷᠠᠯ ᠡᠷᠬᠢᠯᠡᠪᠡ ᠃
5660c5de8dff97f3751889cadb1f5d97_W020250320372138676171.png
      ᠴᠧᠨ ᠠᠢ ᠰᠢᠤᠸᠠᠢ ︽ᠦᠪᠡᠳᠡᠭᠰᠢ ᠴᠤᠭᠯᠠᠭᠠᠨ ᠳᠡᠭᠡᠷ᠎ᠡ ᠰᠢᠨ᠎ᠡ ᠵᠢᠷᠤᠭ ᠲᠥᠰᠥᠪ  ᠢ ᠵᠢᠷᠤᠭᠯᠠᠵᠤ ᠰᠡᠳᠬᠢᠯ  ᠢᠶᠠᠨ ᠨᠢᠭᠡᠳᠬᠡᠨ ᠬᠦᠴᠦᠨ  ᠢᠶᠠᠨ ᠬᠠᠮᠲᠤᠳᠬᠠᠵᠤ ᠳᠠᠬᠢᠨ ᠮᠣᠷᠳᠠᠶ᠎ᠠ︾ ᠭᠡᠰᠡᠨ ᠰᠡᠳᠦᠪ  ᠢᠶᠠᠷ᠂ ᠠᠷᠪᠠᠨ ᠳᠥᠷᠪᠡᠳᠦᠭᠡᠷ ᠬᠤᠭᠤᠴᠠᠭᠠᠨ  ᠤ ᠪᠥᠬᠦ ᠤᠯᠤᠰ  ᠤᠨ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠭᠤᠷᠪᠠᠳᠤᠭᠠᠷ ᠬᠤᠷᠠᠯᠳᠤᠭᠠᠨ  ᠤ ᠲᠣᠶᠢᠮᠣ ᠪᠠᠶᠢᠳᠠᠯ᠂ ᠶᠡᠷᠦᠩᠬᠡᠢ ᠱᠦᠵᠢ ᠰᠢ ᠶᠢᠨ ᠫᠢᠩ ᠤᠨ ᠶᠡᠭᠡ ᠬᠤᠷᠠᠯ ᠤᠨ ᠬᠤᠭᠤᠴᠠᠭᠠᠨ  ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠭᠡ ᠬᠤᠷᠠᠯ ᠤᠨ ᠡᠯ᠎ᠡ ᠵᠦᠢᠯ ᠤᠨ ᠢᠯᠡᠳᠬᠡᠯ ᠪᠠ ᠬᠠᠤᠯᠢ ᠴᠠᠭᠠᠵᠠ ᠶᠢᠨ ᠲᠥᠰᠥᠯ ᠤᠨ ᠭᠤᠣᠯ ᠠᠭᠤᠯᠭ᠎ᠠ᠂ ᠬᠤᠷᠠᠯᠳᠤᠭᠠᠨ ᠤ ᠬᠤᠭᠤᠴᠠᠭᠠᠨ ᠳᠠᠬᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠠᠵᠢᠯᠯᠠᠭ᠎ᠠ ᠶᠢᠨ ᠪᠠᠶᠢᠳᠠᠯ ᠵᠢᠴᠢ ᠲᠣᠰ ᠬᠥᠮᠥᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠵᠡᠷᠭᠡ ᠲᠠᠯ᠎ᠠ ᠪᠠᠷ ᠲᠠᠶᠢᠯᠤᠮᠵᠢ ᠬᠢᠪᠡ᠃
9fee9f767f7588b99906e5d2cdafdff4_W020250320372138693104.png
      ᠬᠤᠷᠠᠯ ᠠᠴᠠ ᠵᠢᠭᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠂ ᠪᠠᠷᠢᠮᠵᠢᠶ᠎ᠠ ᠬᠦᠰᠦᠨᠦᠭᠲᠦ ᠶᠢ ᠬᠠᠷᠭᠤᠭᠤᠯᠬᠤ ᠳᠡᠭᠡᠷ᠎ᠡ ᠬᠦᠴᠦ ᠲᠠᠯᠪᠢᠵᠤ ᠂ ᠴᠠᠭ ᠲᠤᠬᠠᠢ ᠳᠤᠨᠢ  ᠲᠠᠭᠠᠨ ᠰᠤᠷᠤᠯᠴᠠᠬᠤ ᠂ ᠣᠶᠢᠯᠠᠭᠠᠵᠤ ᠨᠡᠪᠲᠡᠷᠡᠲᠡᠯ᠎ᠡ ᠰᠤᠷᠤᠯᠴᠠᠬᠤ ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠡᠶᠡᠯᠡᠭᠦᠯᠬᠦ ᠬᠡᠷᠡᠭᠲᠡᠢ ᠃ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ ᠂ ᠰᠣᠷᠣᠭᠰᠠᠨ ᠢᠶᠠᠨ ᠬᠡᠷᠡᠭᠯᠡᠬᠦ ᠲᠠᠯ᠎ᠠ ᠪᠠᠷ ᠰᠢᠨ᠎ᠡ ᠪᠠᠶᠢᠳᠠᠯ  ᠢ ᠪᠤᠢ ᠪᠣᠯᠭᠠᠵᠤ ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠠᠵᠢᠯ ᠬᠢᠵᠦ ᠠᠳᠠᠯ ᠦᠢᠯᠡᠰ ᠴᠣᠭᠴᠠᠯᠠᠬᠤ ᠶᠢᠨ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠃ ᠨᠢᠭᠡ ᠭᠤᠣᠯ ᠰᠢᠵᠢᠮ ᠢ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠬᠤᠶᠠᠷ ᠶᠡᠭᠡ ᠶᠠᠪᠤᠳᠠᠯ  ᠢ ᠰᠠᠶᠢᠲᠤᠷ ᠬᠢᠵᠦ ᠂ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠂ ᠵᠢᠷᠭᠤᠭᠠᠨ ᠢᠨᠵᠧᠨᠧᠷᠢᠩ ᠢ ᠬᠡᠷᠡᠭᠵᠢᠭᠦᠯᠵᠦ ᠂ ᠵᠢᠷᠭᠤᠭᠠᠨ ᠠᠵᠢᠯᠯᠠᠭ᠎ᠠ ᠥᠷᠨᠢᠭᠦᠯᠬᠦ ᠵᠡᠷᠭᠡ ᠭᠤᠣᠯ ᠠᠵᠢᠯ  ᠢ ᠥᠷᠨᠢᠭᠦᠯᠵᠦ ᠂ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ ᠂ ᠥᠭᠡᠷᠡᠴᠢᠯᠡᠯᠲᠡ ᠶᠢᠨ ᠰᠡᠳᠬᠢᠬᠦᠢ ᠶᠢ ᠴᠢᠩᠭᠠᠳᠬᠠᠵᠤ ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠪᠠᠲᠤᠳᠬᠠᠵᠤ ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠪᠦᠬᠦ ᠰᠢᠶᠠᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠃ᠰᠢᠶᠠᠨ  ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠤᠷ  ᠲᠤ ᠬᠤᠷᠠᠯ ᠳᠤ ᠣᠷᠣᠯᠴᠠᠵᠤ ᠂ ᠡᠯ᠎ᠡ ᠪᠠᠯᠭᠠᠰᠤ ᠲᠠᠯᠠᠪᠠᠢ ᠶᠢᠨ ᠨᠠᠮ ᠵᠠᠰᠠᠭ ᠤᠨ ᠪᠠᠭ ᠤᠨ ᠪᠦᠷᠢᠯᠳᠦᠭᠦᠨ ᠬᠤᠪᠢᠶᠠᠷᠢ ᠬᠤᠷᠠᠯ ᠤᠨ ᠲᠠᠯᠠᠪᠤᠷ ᠲᠤ ᠬᠤᠷᠠᠯ ᠳᠤ ᠣᠷᠣᠯᠴᠠᠪᠠ ᠃ ︵ᠦ᠋ ᠶᠤᠸᠠᠢ ᠯᠢ᠂ ᠴᠢᠨ ᠰᠢᠶᠣᠣ ᠪᠥᠸᠧ︶  
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号