ᠯᠢᠦ ᠶᠠᠩ ᠠᠵᠤ ᠦᠢᠯᠡᠳᠪᠦᠷᠢ ᠠᠵᠤ ᠠᠬᠤᠶᠢᠯᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/3/24
      3 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ ᠺᠠᠶᠢᠯᠤ ᠠᠮᠢᠳᠤ ᠪᠣᠳᠠᠰ  ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠲᠤ ᠬᠦᠷᠴᠦ ᠠᠵᠤ ᠦᠢᠯᠡᠳᠪᠦᠷᠢ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭᠠᠨ ᠤ ᠪᠠᠶᠢᠳᠠᠯ  ᠢ ᠪᠠᠶᠢᠴᠠᠭᠠᠨ ᠰᠤᠳᠤᠯᠪᠠ᠃ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃
e13f51207ad5caade879e3ee5fdb3f16_W020250324357174848535.png
      ᠯᠢᠦ ᠶᠠᠩ ᠤᠷᠢᠳ ᠬᠤᠵᠢᠳ ᠲᠦᠩ ᠰᠧ ᠹᠠᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠂ ᠶᠢᠨ ᠨᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠂ ᠵᠦᠩ ᠾᠦᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠂ ᠠᠨ ᠵᠧᠦ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠂ ᠮᠡᠷᠭᠡᠵᠢᠯ ᠤᠨ ᠰᠢᠨ᠎ᠡ ᠶᠢ ᠡᠭᠦᠳᠬᠦ ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠵᠢᠴᠢ ᠬᠦᠴᠢᠷᠳᠡᠯ ᠢ ᠨᠢᠭᠤᠷᠳᠠᠨ ᠰᠣᠨᠣᠰᠪᠠ᠃
1d46af03816e351e4b4705b2a8357014_W020250324357174892427.png
e6f5573f41851ed009b480d5bcb0fe40_W020250324357174879072.png
      ᠯᠢᠦ ᠶᠠᠩ ᠴᠢᠩᠭᠠᠳᠬᠠᠭᠰᠠᠨ ᠨᠢ᠂ ᠠᠵᠤ ᠦᠢᠯᠡᠳᠪᠦᠷᠢ ᠶᠢᠨ ᠠᠵᠤ ᠠᠬᠤᠢ ᠪᠣᠯ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠬᠦᠴᠦᠲᠦ ᠬᠥᠳᠡᠯᠭᠡᠭᠦᠷ ᠮᠥᠨ ᠂ ᠨᠡᠮᠡᠭᠳᠡᠯ ᠢ ᠠᠬᠢᠭᠤᠯᠬᠤ ᠂ ᠠᠵᠢᠯ ᠣᠯᠭᠤᠯᠲᠠ ᠶᠢ ᠪᠠᠲᠤᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠨᠢᠭᠲᠠ ᠠᠩᠬᠠᠷᠴᠤ᠂ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ᠂ ᠦᠢᠯᠡᠳᠪᠦᠷᠢᠯᠡᠯ ᠪᠣᠷᠤᠯᠠᠭᠤᠯᠭ᠎ᠠ᠂ ᠬᠦᠴᠦᠨ ᠵᠦᠢᠯ ᠤᠨ ᠪᠠᠲᠤᠯᠠᠭ᠎ᠠ ᠵᠡᠷᠭᠡ ᠲᠠᠯ᠎ᠠ ᠶᠢᠨ ᠠᠰᠠᠭᠤᠳᠠᠯ  ᠢ ᠬᠢᠨᠠᠮᠠᠭᠠᠢ ᠰᠤᠳᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠳᠠᠯᠳᠠ ᠬᠦᠴᠦᠨ ᠢ ᠠᠭᠤᠳᠠᠯᠤᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ︽ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ︾  ᠶᠢ ᠯᠠᠪᠳᠠᠭᠤᠨ ᠪᠠᠲᠤᠲᠠᠢ ᠥᠷᠨᠢᠭᠦᠯᠵᠦ ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ ᠂ ᠤᠷᠢᠳᠴᠢᠯᠠᠨ ᠦᠢᠯᠡᠴᠢᠯᠡᠵᠦ ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠪᠦᠬᠦ ᠲᠠᠯ᠎ᠠ  ᠪᠠᠷ ᠣᠶᠢᠯᠠᠭᠠᠵᠤ ᠂ ︽ ᠨᠢᠭᠡ ᠠᠵᠤ ᠠᠬᠤᠶᠢᠯᠠᠯ ᠨᠢᠭᠡ ᠲᠥᠷᠥ ᠶᠢᠨ ᠪᠣᠳᠣᠯᠭ᠎ᠠ ︾  ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠲᠣᠭᠲᠠᠭᠠᠵᠤ ᠂ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠦᠢᠯᠡᠳᠪᠦᠷᠢᠯᠡᠯ ᠢ ᠠᠳᠬᠤᠵᠤ ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠪᠣᠳᠣᠯᠬᠢᠯᠠᠬᠤ ᠪᠣᠯᠭᠠᠬᠤ ᠬᠡᠷᠡᠭᠲᠡᠢ ᠃ ᠠᠵᠤ ᠠᠬᠤᠶᠢᠯᠠᠯ ᠤᠳ ᠢᠲᠡᠭᠡᠯ ᠵᠣᠷᠢᠭ ᠢᠶᠠᠨ ᠪᠠᠲᠤᠳᠬᠠᠵᠤ ᠂ ᠡᠷᠴᠢ ᠵᠣᠷᠢᠭ ᠢᠶᠠᠨ ᠬᠥᠪᠴᠢᠯᠡᠵᠦ ᠂ ᠦᠢᠯᠡᠳᠬᠦᠨ ᠤ ᠶᠠᠰᠤ ᠴᠢᠨᠠᠷ᠂ ᠦᠢᠯᠡᠳᠪᠦᠷᠢᠯᠡᠯ ᠤᠨ ᠴᠢᠳᠠᠪᠤᠷᠢ  ᠶᠢᠨ ᠦᠷ᠎ᠡ ᠠᠰᠢᠭ ᠂ ᠵᠠᠬ᠎ᠠ ᠳᠡᠯᠭᠡᠭᠦᠷ  ᠤᠨ ᠨᠡᠭᠡᠭᠡᠯᠲᠡ ᠵᠡᠷᠭᠡ ᠲᠠᠯ᠎ᠠ  ᠪᠠᠷ ᠦᠷᠭᠦᠯᠵᠢᠯᠡᠨ ᠬᠦᠴᠦᠯᠡᠵᠦ ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ  ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠃ ᠠᠮᠢ ᠠᠬᠤᠢ  ᠶᠢ ᠲᠡᠷᠢᠭᠦᠨ ᠳᠤ ᠲᠠᠯᠪᠢᠬᠤ ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ  ᠢ ᠢᠮᠠᠭᠲᠠ ᠪᠠᠷᠢᠮᠲᠠᠯᠠᠵᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠠᠮᠤᠷ ᠲᠦᠪᠰᠢᠨ ᠤ ᠬᠠᠮᠢᠶᠠᠷᠤᠯᠲᠠ ᠪᠣᠯᠣᠨ ᠭᠡᠮ ᠰᠣᠭᠤᠭ ᠢ ᠪᠠᠶᠢᠴᠠᠭᠠᠨ ᠵᠠᠰᠠᠬᠤ  ᠶᠢ ᠦᠨᠡᠨ ᠬᠦ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ︵ᠵᠠᠰᠠᠭ ᠤᠨ ᠣᠷᠳᠣᠨ ᠤ ᠠᠯᠪᠠᠨ ᠭᠡᠷ ᠠᠴᠠ ᠡᠬᠡ ᠪᠢᠴᠢᠭ ᠬᠠᠩᠭᠠᠪᠠ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号