3 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠪᠦᠯᠬᠦᠮ | ᠳᠠᠭᠠᠭᠤᠯᠤᠨ ᠬᠤᠨᠠᠨ ᠤ ᠲᠠᠷᠢᠶᠠᠯᠠᠩ ᠤᠨ ᠶᠡᠭᠡ ᠰᠤᠷᠭᠠᠭᠤᠯᠢ᠂ ᠬᠤᠨᠠᠨ ᠮᠤᠵᠢ ᠶᠢᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠰᠤᠳᠤᠯᠬᠤ ᠭᠠᠵᠠᠷ ᠲᠤ ᠬᠦᠷᠴᠦ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠬᠤᠨᠠᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠠᠬᠢᠷᠤᠯ | ᠽᠧᠦ ᠰᠢᠤᠸᠠᠢ ᠰᠢᠶᠣᠣ ᠵᠢᠴᠢ ᠰᠢᠶᠠᠨ ᠤ ᠬᠡᠪᠴᠢᠶᠡᠨ ᠤ ᠤᠯᠠᠭᠠᠨ ᠬᠠᠳᠠᠭᠠᠭᠰᠠᠨ ᠯᠠᠵᠤᠤ ᠶᠢᠨ ᠠᠵᠤ ᠦᠢᠯᠡᠰ ᠤᠨ | ᠬᠥᠭᠵᠢᠯᠲᠡ ᠳᠤ ᠦᠢᠯᠡᠴᠢᠯᠡᠬᠦ ᠢᠳᠡᠰᠢᠨ ᠨᠣᠭᠤᠭ᠎ᠠ ᠶᠢᠨ ᠰᠤᠳᠤᠯᠭᠠᠨ ᠤ ᠭᠠᠵᠠᠷ ᠤᠨ ᠲᠤᠰᠬᠠᠢ ᠮᠡᠷᠭᠡᠵᠢᠯᠲᠡᠳ ᠲᠠᠢ | ᠠᠭᠤᠯᠵᠠᠵᠤ᠂ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠵᠥᠪᠳᠡᠯᠴᠡᠨ᠂ ︽ | ᠲᠠᠷᠢᠶᠠᠯᠠᠩ ᠢᠶᠠᠷ ᠠᠷᠠᠳ ᠢ ᠪᠠᠶᠠᠵᠢᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠵᠦ᠂ | ᠤᠯᠠᠭᠠᠨ ᠬᠠᠳᠠᠭᠠᠭᠰᠠᠨ ᠯᠠᠵᠤᠤ ᠶᠢᠨ ᠠᠵᠤ ᠦᠢᠯᠡᠰ ᠤᠨ ᠣᠨᠴᠠᠯᠢᠭᠲᠤ ᠬᠥᠭᠵᠢᠯᠲᠡ ᠶᠢᠨ ᠵᠠᠮ ᠢᠶᠠᠷ ᠭᠦᠨᠵᠡᠭᠡᠢ | ᠵᠠᠮᠨᠠᠪᠠ᠃ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠭᠠᠵᠠᠷ ᠤᠨ ᠨᠠᠮ ᠤᠨ ᠬᠤᠷᠢᠶ᠎ᠠ ᠶᠢᠨ ᠱᠦᠵᠢ ᠵᠠᠩ ᠵᠢᠶᠠᠨ ᠬᠤᠸᠠ᠂ ᠰᠢᠶᠠᠨ ᠤ ᠵᠠᠰᠠᠭ ᠤᠨ ᠣᠷᠳᠣᠨ ᠤ ᠳᠡᠳ᠋ | ᠳᠠᠷᠤᠭ᠎ᠠ ᠴᠠᠩ ᠯᠢᠶᠠᠩ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠰᠢᠶᠠᠨ ᠤ | ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠷᠢᠭᠤᠴᠠᠯᠭᠠᠲᠠᠨ ᠣᠷᠣᠯᠴᠠᠪᠠ᠃ | | | | | | ᠸᠠᠩ ᠹᠧᠩ ᠰᠧᠨ ᠨᠠᠷ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ | ᠬᠤᠨᠠᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ | ᠵᠠᠬᠢᠷᠤᠯ ᠽᠧᠦ ᠰᠢᠤᠸᠠᠢ ᠰᠢᠶᠣᠣ ᠶᠢ ᠠᠶᠢᠯᠴᠢᠯᠠᠵᠤ᠂ ᠠᠺᠠᠳᠧᠮᠢᠴᠢ ᠵᠢᠴᠢ ᠲᠡᠭᠦᠨ ᠤ ᠪᠦᠯᠬᠦᠮ ᠤᠨ ᠺᠠᠶᠢᠯᠤ ᠶᠢᠨ | ᠤᠯᠠᠭᠠᠨ ᠬᠠᠳᠠᠭᠠᠭᠰᠠᠨ ᠯᠠᠵᠤᠤ ᠶᠢᠨ ᠠᠵᠤ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠳᠤ | ᠲᠠᠯᠠᠷᠬᠠᠵᠤ᠂ ᠡᠭᠦᠨ ᠤ ᠬᠠᠮᠲᠤ ᠺᠠᠶᠢᠯᠤ ᠶᠢᠨ ᠤᠯᠠᠭᠠᠨ ᠬᠠᠳᠠᠭᠠᠭᠰᠠᠨ ᠯᠠᠵᠤᠤ ᠶᠢᠨ ᠠᠵᠤ ᠦᠢᠯᠡᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠳᠣᠣᠷ᠎ᠠ ᠣᠯᠣᠭᠰᠠᠨ ᠢᠯᠡᠳᠲᠡ ᠦᠷ᠎ᠡ | ᠪᠦᠲᠦᠭᠡᠯ ᠢ ᠨᠠᠷᠢᠨ ᠲᠠᠨᠢᠯᠴᠠᠭᠤᠯᠵᠤ᠂ ᠠᠺᠠᠳᠧᠮᠢᠴᠢ ᠶᠢᠨ ᠪᠦᠯᠬᠦᠮ ᠤᠨ ᠺᠠᠶᠢᠯᠤ ᠶᠢᠨ ᠤᠯᠠᠭᠠᠨ ᠬᠠᠳᠠᠭᠠᠭᠰᠠᠨ | ᠯᠠᠵᠤᠤ ᠶᠢᠨ ᠠᠵᠤ ᠦᠢᠯᠡᠰ ᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ | ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠳᠠᠷᠢᠵᠤ ᠪᠣᠶᠢᠵᠢᠭᠤᠯᠬᠤ ᠮᠡᠷᠭᠡᠵᠢᠯ ᠢ ᠲᠥᠪᠯᠡᠷᠡᠭᠦᠯᠦᠨ ᠰᠤᠳᠤᠯᠬᠤ᠂ | ᠬᠦᠨᠳᠦ ᠡᠪᠡᠳᠴᠢᠨ ᠤ ᠬᠥᠨᠥᠭᠡᠯ ᠢ ᠦᠷᠭᠦᠯᠵᠢᠯᠡᠨ ᠬᠢᠬᠦ᠂ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ ᠪᠣᠶᠢᠵᠢᠭᠤᠯᠬᠤ ᠵᠡᠷᠭᠡ ᠵᠠᠩᠭᠢᠯᠠᠭ᠎ᠠ ᠶᠢ ᠦᠷᠭᠦᠯᠵᠢᠯᠡᠨ ᠰᠢᠪᠲᠤᠯᠵᠤ᠂ ᠤᠯᠠᠭᠠᠨ ᠬᠠᠳᠠᠭᠠᠭᠰᠠᠨ ᠯᠠᠵᠤᠤ | ᠭᠡᠬᠦ ᠡᠨᠡ ᠬᠦ ᠰᠢᠶᠠᠨ ᠤ ᠬᠡᠪᠴᠢᠶᠡᠨ ᠤ ᠭᠤᠣᠯᠳᠠᠯᠭ᠎ᠠ ᠲᠠᠢ ᠠᠵᠤ ᠦᠢᠯᠡᠰ ᠤᠨ ᠦᠷ᠎ᠡ ᠪᠦᠲᠦᠭᠡᠯ ᠢ ᠤᠯᠠᠷᠢᠭᠤᠯᠬᠤ | ᠶᠢ ᠠᠬᠢᠭᠤᠯᠤᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠤᠯᠠᠭᠠᠨ ᠬᠠᠳᠠᠭᠠᠭᠰᠠᠨ | ᠯᠠᠵᠤᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠮᠠᠷᠠᠲᠤ ᠣᠷᠣᠨ ᠤ | ᠲᠥᠪᠯᠡᠷᠡᠭᠦᠯᠦᠨ ᠲᠠᠷᠬᠠᠭᠠᠬᠤ ᠵᠠᠬ᠎ᠠ ᠳᠡᠯᠭᠡᠭᠦᠷ ᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠶᠢ ᠬᠦᠰᠡᠪᠡ᠃ | ᠽᠧᠦ ᠰᠢᠤᠸᠠᠢ ᠰᠢᠶᠣᠣ ᠠᠺᠠᠳᠧᠮᠢᠴᠢ ᠢᠯᠡᠳᠬᠡᠭᠰᠡᠨ ᠨᠢ᠂ ᠬᠤᠨᠠᠨ ᠤ ᠲᠠᠷᠢᠶᠠᠯᠠᠩ ᠤᠨ ᠶᠡᠭᠡ ᠰᠤᠷᠭᠠᠭᠤᠯᠢ ᠪᠣᠯᠣᠨ | ᠺᠠᠶᠢᠯᠤ ᠰᠢᠶᠠᠨ ᠤ ᠬᠤᠭᠤᠷᠣᠨᠳᠣᠬᠢ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠠᠭᠠᠨ | ᠬᠠᠳᠠᠭᠠᠭᠰᠠᠨ ᠯᠠᠵᠤᠤ ᠶᠢᠨ ᠠᠵᠤ ᠦᠢᠯᠡᠰ ᠤᠨ ᠲᠠᠯ᠎ᠠ ᠪᠠᠷ ᠬᠢ ᠵᠢᠯᠣᠭᠤᠳᠤᠯᠭ᠎ᠠ ᠳᠡᠮᠵᠢᠯᠭᠡ ᠶᠢᠨ ᠡᠷᠴᠢᠮ ᠢᠶᠠᠨ | ᠴᠢᠩᠭᠠᠷᠠᠭᠤᠯᠤᠨ᠎ᠠ ᠃ ᠵᠠᠯᠭᠠᠭᠠᠳ ᠺᠠᠶᠢᠯᠦ ᠶᠢᠨ ᠪᠣᠳᠠᠲᠤ ᠪᠠᠶᠢᠳᠠᠯ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢ | ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠬᠡᠷᠡᠭᠴᠡᠭᠡ ᠶᠢ ᠣᠨᠣᠪᠴᠢᠲᠠᠢ ᠵᠣᠯᠭᠠᠭᠤᠯᠵᠤ ᠂ | ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ ᠂ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠂ ᠦᠷ᠎ᠡ ᠪᠦᠲᠦᠭᠡᠯ ᠢ ᠬᠤᠪᠢᠷᠠᠭᠤᠯᠬᠤ ᠂ ᠲᠠᠪᠴᠠᠩ ᠢ ᠬᠠᠮᠲᠤᠪᠠᠷ | ᠪᠠᠶᠢᠭᠤᠯᠬᠤ ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠨᠢᠭᠲᠠ ᠬᠠᠮᠲᠤᠷᠠᠯᠴᠠᠭᠠᠨ ᠤ ᠳᠤᠮᠳᠠ ᠨᠢᠭᠡ ᠪᠦᠯᠦᠭ | ᠳᠦᠷᠢᠮ ᠤᠨ ᠦᠷ᠎ᠡ ᠪᠦᠲᠦᠭᠡᠯ ᠂ ᠦᠢᠯᠡᠳᠦᠯᠭᠡ ᠶᠢᠨ ᠦᠷ᠎ᠡ ᠪᠦᠲᠦᠭᠡᠯ ᠢ ᠪᠦᠷᠢᠯᠳᠦᠭᠦᠯᠵᠦ ᠂ ᠰᠤᠷᠭᠠᠭᠤᠯᠢ ᠪᠠ | ᠣᠷᠣᠨ ᠨᠤᠲᠤᠭ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠬᠠᠮᠲᠤᠪᠠᠷ ᠡᠭᠦᠳᠬᠦ ᠪᠣᠯᠣᠨ᠎ᠠ ᠃ | | | | | | ᠤᠯᠠᠭᠠᠨ ᠬᠠᠳᠠᠭᠠᠭᠰᠠᠨ ᠯᠠᠵᠤᠤ ᠶᠢᠨ ᠠᠵᠤ ᠦᠢᠯᠡᠰ ᠤᠨ ᠭᠠᠷᠤᠯᠲᠠ ᠪᠠ ᠶᠠᠰᠤ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠠᠵᠤ ᠦᠢᠯᠡᠰ ᠤᠨ | ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠰᠢᠶᠠᠨ ᠪᠣᠯᠣᠨ ᠬᠤᠨᠠᠨ ᠮᠤᠵᠢ ᠶᠢᠨ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠶᠢᠨ ᠰᠤᠳᠤᠯᠭᠠᠨ ᠤ ᠭᠠᠵᠠᠷ ᠺᠠᠶᠢᠯᠤ ᠶᠢᠨ ᠤᠯᠠᠭᠠᠨ | ᠬᠠᠳᠠᠭᠠᠭᠰᠠᠨ ᠯᠠᠵᠤᠤ ᠶᠢᠨ ᠦᠷ᠎ᠡ ᠡᠳ᠋ ᠤᠨ ᠡᠬᠢ ᠪᠠᠶᠠᠯᠢᠭ ᠢ ᠠᠭᠤᠳᠠᠯᠤᠨ ᠠᠰᠢᠭᠯᠠᠬᠤ ᠪᠠ ᠰᠢᠨ᠎ᠡ ᠡᠭᠦᠯᠳᠡᠷ ᠢ | ᠰᠣᠩᠭᠤᠨ ᠪᠣᠶᠢᠵᠢᠭᠤᠯᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠮᠡᠷᠭᠡᠵᠢᠯ ᠤᠨ ᠬᠠᠮᠲᠤᠷᠠᠯᠴᠠᠭᠠᠨ ᠤ ᠬᠡᠯᠡᠯᠴᠡᠭᠡᠷ | ᠲᠣᠭᠲᠠᠪᠠ᠃ ᠬᠤᠶᠠᠷ ᠲᠠᠯ᠎ᠠ ᠪᠠᠷ ᠢᠶᠠᠨ ᠴᠥᠮ ᠲᠤᠰ ᠤᠳᠠᠭ᠎ᠠ ᠶᠢᠨ ᠬᠠᠮᠲᠤᠷᠠᠯᠴᠠᠭ᠎ᠠ ᠬᠢᠵᠦ ᠬᠠᠮᠲᠤᠪᠠᠷ | ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ ᠂ ᠤᠯᠠᠭᠠᠨ ᠬᠠᠳᠠᠭᠠᠭᠰᠠᠨ ᠯᠠᠵᠤᠤ ᠶᠢᠨ ᠦᠷ᠎ᠡ ᠡᠳ᠋ ᠤᠨ ᠡᠬᠢ ᠪᠠᠶᠠᠯᠢᠭ | ᠢ ᠠᠭᠤᠳᠠᠯᠤᠨ ᠠᠰᠢᠭᠯᠠᠬᠤ ᠪᠠ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠪᠠ ᠵᠢᠱᠢᠶ᠎ᠡ ᠦᠵᠡᠭᠦᠯᠬᠦ ᠵᠡᠷᠭᠡ | ᠵᠠᠩᠭᠢᠯᠠᠭ᠎ᠠ ᠶᠢᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠤ ᠠᠬᠤᠶᠢᠯᠠᠯ ᠳᠡᠭᠡᠳᠦ ᠰᠤᠷᠭᠠᠭᠤᠯᠢ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ ᠃ ᠡᠭᠦᠨ ᠤ | ᠬᠠᠮᠲᠤ ᠪᠠᠰᠠ ᠬᠤᠨᠠᠨ ᠮᠤᠵᠢ ᠶᠢᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ | ᠨᠣᠭᠤᠭ᠎ᠠ ᠰᠤᠳᠤᠯᠬᠤ ᠭᠠᠵᠠᠷ ᠤᠨ ᠴᠢᠳᠠᠪᠤᠷᠢᠲᠠᠨ ᠤ ᠳᠠᠪᠠᠭᠤᠯᠢᠭ ᠢ ᠠᠰᠢᠭᠯᠠᠵᠤ ᠂ ᠺᠠᠶᠢᠯᠤ ᠶᠢᠨ ᠤᠯᠠᠭᠠᠨ | ᠬᠠᠳᠠᠭᠠᠭᠰᠠᠨ ᠯᠠᠵᠤᠤ ᠶᠢᠨ ᠠᠵᠤ ᠦᠢᠯᠡᠰ ᠤᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠢ | ᠰᠤᠳᠤᠯᠤᠨ ᠨᠡᠭᠡᠭᠡᠬᠦ ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠵᠢᠴᠢ | ᠴᠢᠳᠠᠪᠤᠷᠢᠲᠠᠨ ᠢ ᠬᠥᠮᠥᠵᠢᠭᠦᠯᠬᠦ ᠵᠡᠷᠭᠡ ᠤᠯᠠᠨ ᠵᠠᠩᠭᠢᠯᠠᠭ᠎ᠠ ᠶᠢᠨ ᠲᠠᠯ᠎ᠠ ᠳᠤ ᠬᠦᠴᠦᠷᠬᠡᠭ ᠶᠡᠭᠡ ᠤᠶᠤᠨ ᠤ | ᠲᠤᠯᠭᠠᠭᠤᠷᠢᠯᠠᠯ ᠬᠠᠩᠭᠠᠵᠤ ᠂ ᠠᠵᠤ ᠦᠢᠯᠡᠰ ᠤᠨ ᠪᠦᠬᠦ ᠬᠡᠯᠬᠢᠶ᠎ᠡ ᠶᠢᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ | ᠨᠡᠮᠡᠷᠢᠯᠡᠵᠦ ᠂ ᠺᠠᠶᠢᠯᠤ ᠶᠢᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠠᠬᠢᠴᠠ ᠳᠤ ᠬᠦᠴᠦᠷᠬᠡᠭ ᠶᠡᠭᠡ | ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ ᠨᠡᠮᠡᠷᠢᠯᠡᠨ᠎ᠡ ᠃ | ᠬᠤᠨᠠᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ | ᠰᠤᠳᠤᠯᠬᠤ ᠭᠠᠵᠠᠷ ᠤᠨ ᠳᠠᠷᠤᠭ᠎ᠠ ᠯᠢ ᠰᠢᠤᠸᠠᠢ ᠹᠧᠩ ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠵᠦ᠂ | ᠢᠳᠡᠰᠢᠨ ᠨᠣᠭᠤᠭ᠎ᠠ ᠶᠢᠨ ᠰᠤᠳᠤᠯᠭᠠᠨ ᠤ ᠭᠠᠵᠠᠷ ᠤᠨ ᠤᠳᠤᠷᠢᠳᠬᠤ ᠪᠠᠭ ᠤᠨ ᠪᠦᠷᠢᠯᠳᠦᠭᠦᠨ᠂ ᠬᠤᠯᠪᠣᠭᠳᠠᠯ | ᠪᠦᠬᠦᠢ ᠰᠢᠨᠵᠢᠯᠡᠭᠡᠨ ᠤ ᠰᠠᠯᠠᠭᠠᠨ ᠤ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | |