ᠪᠥᠬᠦ ᠰᠢᠶᠠᠨ ᠤ ︽ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠢ ᠠᠬᠢᠭᠤᠯᠵᠤ᠂ ᠬᠡᠷᠡᠭᠯᠡᠭᠡ ᠶᠢ ᠲᠦᠮᠡᠨ ᠡᠷᠦᠬᠡ ᠳᠤ ᠪᠠᠶᠠᠷ ᠲᠠᠢ ᠪᠠᠷ ᠡᠳ᠋ᠯᠡᠭᠦᠯᠬᠦ︾ ᠡᠯᠧᠺᠲᠷᠣᠨ ᠬᠤᠳᠠᠯᠳᠤᠭᠠᠨ ᠤ ᠠᠵᠢᠯ ᠣᠯᠭᠤᠯᠲᠠ ᠶᠢᠨ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2025/3/27
      ᠪᠥᠬᠦ ᠰᠢᠶᠠᠨ ᠤ ︽ᠠᠵᠢᠯ ᠣᠯᠭᠤᠯᠲᠠ  ᠪᠠᠷ ᠠᠷᠠᠳ ᠤᠨ ᠠᠮᠢᠳᠤᠷᠠᠯ ᠢ ᠠᠬᠢᠭᠤᠯᠵᠤ᠂ ᠬᠡᠷᠡᠭᠯᠡᠭᠡ ᠶᠢ ᠲᠦᠮᠡᠨ ᠡᠷᠦᠬᠡ ᠳᠤ ᠪᠠᠶᠠᠷ ᠲᠠᠢ ᠪᠠᠷ ᠡᠳ᠋ᠯᠡᠭᠦᠯᠦᠶ᠎ᠡ︾ ᠭᠡᠬᠦ ᠰᠢᠷᠢᠰ ᠠᠵᠢᠯᠯᠠᠭ᠎ᠠ  ᠶᠢᠨ ᠡᠯᠧᠺᠲᠷᠣᠨ ᠬᠤᠳᠠᠯᠳᠤᠭᠠᠨ  ᠤ ᠠᠵᠢᠯ ᠣᠯᠭᠤᠯᠲᠠ ᠶᠢᠨ ᠪᠣᠯᠪᠠᠰᠤᠷᠠᠯ ᠤᠨ ᠨᠢᠭᠡᠳᠦᠭᠡᠷ ᠬᠤᠭᠤᠴᠠᠭᠠᠨ ᠤ ᠠᠩᠭᠢ ᠵᠢᠷᠭᠠᠯᠠᠩᠲᠤ ᠪᠠᠯᠭᠠᠰᠤᠨ ᠳᠤ ᠬᠢᠴᠢᠶᠡᠯ ᠡᠬᠢᠯᠡᠪᠡ᠃
0c49341c6fb716ef628ec4fbc3597dcf_W020250327357710247021.png
      ᠪᠣᠯᠪᠠᠰᠤᠷᠠᠯ ᠤᠨ ᠳᠤᠮᠳᠠ᠂ ᠽᠢ ᠵᠢᠶᠧ ᠲᠢᠶᠣᠣ ᠳ᠋ᠦᠩ ᠪᠦᠯᠬᠦᠮ ᠤᠨ ᠭᠡᠰᠢᠭᠦᠨ᠂ ᠱᠠᠨᠳᠦ᠋ᠩ ᠮᠤᠵᠢ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ ᠵᠠᠩ ᠵᠢᠢ ᠶᠤᠸᠠᠨ ᠣᠨᠣᠯ ᠪᠠ ᠪᠣᠳᠠᠲᠠᠢ ᠬᠡᠷᠡᠭ ᠤᠨ ᠵᠢᠱᠢᠶ᠎ᠡ ᠶᠢ ᠤᠶᠠᠯᠳᠤᠭᠤᠯᠬᠤ ᠠᠷᠭ᠎ᠠ ᠮᠠᠶ᠋ᠢᠭ  ᠢ ᠠᠪᠴᠤ᠂ ᠭᠤᠣᠯ ᠪᠣᠯᠬᠤ ᠡᠯᠧᠺᠲᠷᠣᠨ ᠬᠤᠳᠠᠯᠳᠤᠭᠠᠨ ᠤ ᠲᠠᠪᠴᠠᠩ᠂ ᠰᠢᠭᠤᠳ ᠨᠡᠪᠲᠡᠷᠡᠭᠦᠯᠬᠦ ᠤᠷ᠎ᠠ ᠮᠡᠷᠭᠡᠵᠢᠯ᠂ ᠤᠬᠠᠭᠠᠯᠠᠨ ᠰᠡᠳᠦᠬᠦ ᠪᠠ ᠠᠵᠢᠯᠯᠠᠭᠤᠯᠤᠨ ᠳᠡᠯᠭᠡᠷᠡᠭᠦᠯᠬᠦ ᠵᠡᠷᠭᠡ ᠲᠠᠯ᠎ᠠ  ᠪᠠᠷ ᠬᠢᠴᠢᠶᠡᠯ ᠣᠷᠣᠪᠠ᠃ ᠰᠤᠷᠤᠭᠴᠢᠳ ᠨᠠᠷᠢᠨ ᠬᠢᠨᠠᠮᠠᠭᠠᠢ ᠰᠣᠨᠣᠰᠴᠤ ᠂ ᠢᠳᠡᠪᠬᠢᠲᠡᠢ ᠪᠠᠷ ᠬᠠᠷᠢᠯᠴᠠᠨ ᠬᠥᠳᠡᠯᠦᠯᠴᠡᠵᠦ ᠂ ᠲᠤᠬᠠᠢ  ᠶᠢᠨ ᠲᠠᠯᠠᠪᠤᠷ ᠤᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠶᠢᠪᠠ᠃ ᠣᠯᠠᠨ ᠢᠶᠠᠷ ᠢᠶᠠᠨ ᠰᠠᠨᠠᠯ ᠨᠢᠭᠡᠲᠡᠢ ᠢᠯᠡᠳᠬᠡᠭᠰᠡᠨ ᠨᠢ᠂ ᠲᠣᠰ ᠤᠳᠠᠭᠠᠨ  ᠤ ᠪᠣᠯᠪᠠᠰᠤᠷᠠᠯ  ᠤᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠪᠣᠳᠠᠲᠤ ᠬᠡᠷᠡᠭᠴᠡᠭᠡ  ᠲᠠᠢ ᠪᠠᠶᠢᠵᠤ᠂ ᠡᠯᠧᠺᠲᠷᠣᠨ ᠬᠤᠳᠠᠯᠳᠤᠭ᠎ᠠ  ᠪᠠᠷ ᠳᠡᠮᠵᠢᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠢᠲᠡᠭᠡᠯ ᠵᠣᠷᠢᠭ ᠢ ᠨᠡᠮᠡᠭᠳᠡᠭᠦᠯᠪᠡ ᠃ ᠡᠯᠧᠺᠲᠷᠣᠨ ᠬᠤᠳᠠᠯᠳᠤᠭᠠᠨ ᠤ ᠠᠵᠢᠯ ᠣᠯᠭᠤᠯᠲᠠ  ᠶᠢᠨ ᠪᠣᠯᠪᠠᠰᠤᠷᠠᠯ  ᠤᠨ ᠠᠩᠭᠢ ᠶᠢᠨ ᠰᠣᠷᠣᠭᠴᠢ ᠯᠢ ᠬᠦᠶ ᠹᠧᠩ ᠬᠡᠯᠡᠭᠰᠡᠨ ᠨᠢ ᠄ ︽ᠪᠢ ᠣᠲᠣ ᠣᠬᠤᠷ ᠵᠦᠴᠦᠭᠡ ᠶᠢ ᠳᠡᠯᠭᠡᠷᠡᠭᠦᠯᠦᠭᠡᠳ ᠦᠷ᠎ᠡ ᠪᠦᠲᠦᠮᠵᠢ ᠲᠡᠶᠢᠮᠦ ᠰᠠᠶᠢᠨ ᠪᠢᠰᠢ ᠪᠠᠶᠢᠨ᠎ᠠ᠂ ᠡᠶᠢᠮᠦ ᠠᠴᠠ ᠲᠣᠰ ᠤᠳᠠᠭᠠᠨ ᠤ ᠰᠤᠷᠤᠯᠴᠠᠬᠤ ᠲᠣᠬᠢᠶᠠᠯ ᠢ ᠣᠨᠴᠠᠭᠠᠶᠢᠯᠠᠨ ᠨᠠᠨᠳᠢᠩᠨᠠᠵᠤ ᠪᠠᠶᠢᠨ᠎ᠠ᠃ ᠥᠨᠥᠳᠥᠷ ᠤᠨ ᠰᠣᠷᠣᠭᠰᠠᠨ ᠰᠢᠨ᠎ᠡ ᠰᠡᠳᠬᠢᠴᠡ ᠂ ᠰᠢᠨ᠎ᠡ ᠤᠷ᠎ᠠ ᠮᠡᠷᠭᠡᠵᠢᠯ ᠨᠠᠳᠠ  ᠶᠢ ᠤᠬᠠᠭᠠᠷᠠᠭᠤᠯᠪᠠ᠂ ᠪᠢ ᠲᠡᠰᠬᠡᠯ ᠦᠭᠡᠢ ᠪᠣᠳᠠᠲᠤ ᠪᠠᠶᠢᠳᠠᠯ ᠳᠤ ᠬᠡᠷᠡᠭᠯᠡᠵᠦ ᠂ ᠠᠵᠢᠯ ᠦᠢᠯᠡᠰ ᠢᠶᠠᠨ ᠰᠠᠶᠢᠵᠢᠷᠠᠭᠤᠯᠤᠶ᠎ᠠ ᠭᠡᠵᠦ ᠪᠣᠳᠣᠨ᠎ᠠ᠃ ᠬᠤᠶᠢᠰᠢᠳᠠ ᠪᠢ ᠪᠠᠰᠠ ᠮᠠᠨ ᠤ ᠲᠤᠬᠠᠢ  ᠶᠢᠨ ᠭᠠᠵᠠᠷ ᠤᠨ ᠣᠨᠴᠠᠯᠢᠭᠲᠤ ᠪᠦᠲᠦᠭᠡᠭᠳᠡᠬᠦᠨ  ᠢᠶᠠᠨ ᠡᠳ᠋ ᠪᠠᠷᠠᠭᠠᠨ ᠤ ᠮᠡᠳᠡᠭᠡ ᠵᠠᠩᠭᠢ  ᠶᠢᠨ ᠰᠦᠯᠵᠢᠶ᠎ᠡ ᠳᠤ ᠠᠭᠤᠰᠬᠠᠨ ᠣᠷᠣᠭᠤᠯᠵᠤ᠂ ᠣᠬᠤᠷ ᠵᠦᠴᠦᠭᠡ  ᠶᠢᠨ ᠳᠡᠯᠭᠡᠷᠡᠭᠦᠯᠦᠯᠲᠡ ᠪᠠᠷ ᠳᠠᠮᠵᠢᠭᠤᠯᠤᠨ ᠪᠣᠷᠤᠯᠠᠭᠤᠯᠭ᠎ᠠ  ᠶᠢᠨ ᠵᠠᠮ ᠢᠶᠠᠨ ᠥᠷᠭᠡᠳᠬᠡᠵᠦ᠂ ᠨᠤᠲᠤᠭ ᠤᠰᠤᠨ ᠤ ᠪᠠᠨ ᠬᠥᠭᠵᠢᠯᠲᠡ ᠳᠤ ᠬᠦᠴᠦ ᠨᠡᠮᠡᠬᠦ ᠪᠠᠷ ᠲᠥᠯᠥᠪᠯᠡᠵᠦ ᠪᠠᠶᠢᠨ᠎ᠠ︾ ᠃      ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠂ ᠵᠢᠷᠭᠠᠯᠠᠩᠲᠤ ᠪᠠᠯᠭᠠᠰᠤᠨ ᠤ ᠬᠠᠷᠢᠭᠤᠴᠠᠯᠭᠠᠲᠠᠨ  ᠠᠴᠠ ᠵᠢᠷᠭᠠᠯᠠᠩᠲᠤ ᠪᠠᠯᠭᠠᠰᠤᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠨ ᠲᠠᠨᠢᠯᠴᠠᠭᠤᠯᠵᠤ ᠂ ᠰᠤᠷᠤᠭᠴᠢᠳ ᠲᠤ ᠲᠤᠰ ᠭᠠᠵᠠᠷ ᠤᠨ ᠠᠵᠤ ᠦᠢᠯᠡᠰ ᠤᠨ ᠳᠠᠪᠠᠭᠤᠯᠢᠭ ᠢ ᠲᠣᠳᠣᠷᠬᠠᠢ ᠣᠶᠢᠯᠠᠭᠠᠭᠤᠯᠵᠤ ᠂ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠪᠣᠯᠣᠨ ᠠᠵᠤ ᠦᠢᠯᠡᠰ ᠤᠨ ᠠᠭᠤᠰᠤᠯᠴᠠᠯ ᠤᠨ ᠴᠢᠭᠯᠡᠯ ᠢ ᠲᠣᠳᠣᠷᠬᠠᠢ ᠵᠢᠭᠠᠵᠤ ᠥᠭᠪᠡ︔ ᠵᠣᠷᠢᠭᠲᠤ ᠸᠠᠩ ᠠᠮᠢ ᠠᠬᠤᠢ ᠶᠢᠨ ᠲᠠᠷᠢᠶᠠᠯᠠᠩ ᠤᠨ ᠬᠠᠷᠢᠭᠤᠴᠠᠯᠭᠠᠲᠠᠨ ᠥᠪᠡᠷ ᠤᠨ ᠵᠠᠭᠤᠴᠢᠯᠠᠭᠤᠷ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠠᠷᠢᠶᠠᠯᠠᠩ  ᠤᠨ ᠪᠦᠲᠦᠭᠡᠭᠳᠡᠬᠦᠨ ᠤ ᠳᠡᠯᠭᠡᠷᠡᠭᠦᠯᠦᠯᠲᠡ ᠳᠤ ᠦᠵᠡᠭᠦᠯᠬᠦ ᠦᠢᠯᠡᠳᠦᠯ ᠢ ᠬᠤᠪᠢᠶᠠᠨ ᠡᠳ᠋ᠯᠡᠬᠦ ᠶᠢᠨ ᠬᠠᠮᠲᠤ ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠤᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠠᠯ᠎ᠠ ᠪᠠᠷ ᠣᠯᠣᠭᠰᠠᠨ ᠦᠷ᠎ᠡ ᠪᠦᠲᠦᠭᠡᠯ ᠢ ᠳᠡᠯᠭᠡᠨ ᠦᠵᠡᠭᠦᠯᠪᠡ᠃ ︽ᠲᠣᠰ ᠤᠳᠠᠭᠠᠨ ᠤ ᠡᠯᠧᠺᠲᠷᠣᠨ ᠬᠤᠳᠠᠯᠳᠤᠭᠠᠨ ᠤ ᠠᠵᠢᠯ ᠣᠯᠭᠤᠯᠲᠠ ᠶᠢᠨ ᠪᠣᠯᠪᠠᠰᠤᠷᠠᠯ ᠤᠨ ᠠᠩᠭᠢ ᠶᠢ ᠡᠷᠭᠢᠯᠡᠭᠰᠡᠨ ᠨᠢ ᠭᠤᠣᠯᠳᠠᠭᠤ ᠣᠯᠠᠨ ᠤ ᠡᠯᠧᠺᠲᠷᠣᠨ ᠬᠤᠳᠠᠯᠳᠤᠭᠠᠨ ᠤ ᠤᠷ᠎ᠠ ᠴᠢᠳᠠᠪᠤᠷᠢ ᠶᠢ ᠨᠡᠮᠡᠭᠳᠡᠭᠦᠯᠵᠦ᠂ ᠰᠢᠨ᠎ᠡ ᠮᠠᠶ᠋ᠢᠭ ᠤᠨ ᠲᠠᠷᠢᠶᠠᠴᠢᠨ ᠢ ᠬᠥᠮᠥᠵᠢᠭᠦᠯᠦᠨ᠂ ᠲᠠᠷᠢᠶᠠᠴᠢᠳ  ᠤᠨ ᠣᠷᠣᠯᠭ᠎ᠠ ᠶᠢ ᠨᠡᠮᠡᠭᠳᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠳᠡᠭᠡᠭᠰᠢᠯᠡᠯᠲᠡ ᠶᠢ ᠦᠨᠡᠨ ᠬᠦ ᠪᠡᠶᠡᠯᠡᠭᠦᠯᠬᠦ ᠶᠢᠨ ᠲᠥᠯᠥᠭᠡ ᠶᠤᠮ᠃ ᠢᠯᠠᠩᠭᠤᠶ᠎ᠠ ᠲᠠᠷᠠᠭᠠᠴᠢ ᠶᠢᠨ ᠠᠯᠬᠤᠮ ᠳᠤ ᠮᠠᠨ ᠤ ᠪᠠᠯᠭᠠᠰᠤᠨ ᠤ ᠶᠢ ᠮᠠ ᠳ᠋ᠠᠩ ᠰᠢᠶᠠᠨ᠂ ᠵᠣᠷᠢᠭᠲᠤ ᠸᠠᠩ ᠲᠠᠷᠢᠶᠠᠯᠠᠩ᠂ ᡂᠢ ᠯᠦ ᠶᠤᠸᠠᠨ᠂ ᠵᠢᠶᠠ ᠸᠧᠨ ᠭᠦᠩ ᠵᠡᠷᠭᠡ ᠡᠯ᠎ᠡ ᠲᠣᠮᠣ ᠨᠠᠷᠠᠲᠤ ᠲᠡᠮᠳᠡᠭᠲᠦ ᠶᠢᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ  ᠢ ᠥᠷᠭᠡᠳᠬᠡᠨ᠂ ᠲᠣᠰ ᠭᠠᠵᠠᠷ ᠣᠷᠣᠨ ᠤ ᠨᠠᠷᠠᠲᠤ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ  ᠤ ᠲᠣᠭᠠᠴᠢᠯᠠᠭᠰᠠᠨ ᠬᠡᠯᠪᠡᠷᠢ  ᠶᠢᠨ ᠬᠤᠪᠢᠷᠠᠭᠤᠯᠤᠯᠲᠠ  ᠶᠢ ᠪᠡᠶᠡᠯᠡᠭᠦᠯᠬᠦ  ᠳᠤ ᠰᠠᠭᠤᠷᠢ ᠲᠠᠯᠪᠢᠵᠤ ᠥᠭᠭᠦᠨ᠎ᠡ︾ ᠭᠡᠵᠦ ᠵᠢᠷᠭᠠᠯᠠᠩᠲᠤ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠩ ᠯᠦ ᠬᠡᠯᠡᠪᠡ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ ᠨᠡᠶᠢᠲᠡ ᠬᠤᠶᠠᠷ ᠡᠳᠦᠷ ᠪᠣᠯᠣᠨ᠎ᠠ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ  ᠠᠴᠠ ᠭᠤᠣᠯᠯᠠᠨ ᠡᠷᠭᠢᠯᠡᠵᠦ᠂ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠡᠮᠡᠭᠲᠡᠶᠢᠴᠦᠳ  ᠤᠨ ᠬᠤᠯᠪᠣᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠡᠪᠯᠡᠯ ᠤᠨ ᠰᠢᠶᠠᠨ ᠤ ᠨᠠᠮ  ᠤᠨ ᠬᠤᠷᠢᠶ᠎ᠠ᠂ ᠵᠢᠷᠭᠠᠯᠠᠩᠲᠤ ᠪᠠᠯᠭᠠᠰᠤᠨ ᠤ ᠵᠠᠰᠠᠭ ᠤᠨ ᠣᠷᠳᠣᠨ᠂ ᠵᠣᠷᠢᠭᠲᠤ ᠸᠠᠩ ᠠᠮᠢ ᠠᠬᠤᠢ ᠶᠢᠨ ᠲᠠᠷᠢᠶᠠᠯᠠᠩ ᠬᠠᠮᠲᠤᠷᠠᠨ ᠡᠷᠭᠢᠯᠡᠵᠦ᠂ ᠠᠵᠢᠯ ᠠᠯᠳᠠᠭᠰᠠᠳ᠂ ᠬᠥᠳᠡᠭᠡ ᠲᠣᠰᠬᠤᠨ  ᠠᠴᠠ ᠰᠢᠯᠵᠢᠭᠰᠡᠨ ᠬᠥᠳᠡᠯᠮᠦᠷᠢ ᠶᠢᠨ ᠬᠦᠴᠦᠨ᠂ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠥᠷᠭᠡᠨ ᠣᠯᠠᠨ ᠡᠮᠡᠭᠲᠡᠶᠢᠴᠦᠳ ᠤᠨ ᠡᠯᠧᠺᠲᠷᠣᠨ ᠬᠤᠳᠠᠯᠳᠤᠭᠠᠨ ᠤ ᠠᠵᠢᠯ ᠣᠯᠭᠤᠯᠲᠠ ᠶᠢᠨ ᠰᠢᠨ᠎ᠡ ᠠᠷᠭ᠎ᠠ ᠵᠠᠮ ᠢ ᠨᠡᠭᠡᠭᠡᠬᠦ ᠳᠤ ᠬᠦᠴᠦᠨ ᠨᠡᠮᠡᠷᠢᠯᠡᠵᠦ᠂ ᠠᠵᠢᠯ ᠮᠡᠷᠭᠡᠵᠢᠯ  ᠤᠨ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢᠨ ᠲᠥᠯᠥᠭᠡ ᠶᠤᠮ᠃ ︵ ᠭᠤᠤ ᠮᠥᠸᠧ ᠬᠠᠨ ᠂ ᠸᠠᠩ ᠵᠢᠶᠠ ᠳ᠋ᠦᠩ ︶  
 
ᠢᠷᠡᠯᠲᠡ᠄ ᠺᠠᠶᠢᠯᠦ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号