ᠪᠥᠬᠦ ᠰᠢᠶᠠᠨ ᠤ ᠦᠨᠳᠦᠰᠦᠲᠡᠨ ᠤ ᠭᠠᠷ ᠤᠷᠠᠯᠠᠯ ︵ᠬᠠᠳᠬᠤᠮᠠᠯ ᠪᠤᠷᠭᠠᠰᠤᠨ ᠭᠦᠷᠦᠮᠡᠯ︶ ᠤᠨ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2025/3/27
      3 ᠰᠠᠷ᠎ᠠ ᠶᠢᠨ 26 ᠤ ᠡᠳᠦᠷ᠂ 2025 ᠣᠨ ᠳᠤ ᠪᠥᠬᠦ ᠰᠢᠶᠠᠨ ᠤ ᠦᠨᠳᠦᠰᠦᠲᠡᠨ ᠤ ᠭᠠᠷ ᠤᠷᠠᠯᠠᠯ ︵ᠬᠠᠳᠬᠤᠮᠠᠯ ᠪᠤᠷᠭᠠᠰᠤᠨ ᠭᠦᠷᠦᠮᠡᠯ︶ ᠤᠨ ᠪᠣᠯᠪᠠᠰᠤᠷᠠᠯ ᠤᠨ ᠠᠩᠭᠢ ᠡᠬᠢᠯᠡᠵᠦ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠯᠢᠶᠠᠩ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃
d59ddbb757a2b63aaefcef7ca2d45371_W020250327358239631150.png
      ᠯᠢ ᠯᠢᠶᠠᠩ ᠴᠢᠩᠭᠠᠳᠬᠠᠭᠰᠠᠨ ᠨᠢ᠂ ᠦᠨᠳᠦᠰᠦᠲᠡᠨ ᠤ ᠭᠠᠷ ᠤᠷᠠᠯᠠᠯ ᠪᠣᠯ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠦᠨᠡᠲᠦ ᠡᠷᠳᠡᠨᠢ ᠪᠠᠶᠢᠵᠤ ᠂ ᠭᠦᠨ ᠵᠤᠵᠠᠭᠠᠨ ᠲᠡᠦᠬᠡ ᠶᠢᠨ ᠠᠭᠤᠯᠬᠤᠨ ᠪᠠ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠠᠴᠢᠶᠠᠯᠠᠵᠤ ᠪᠠᠶᠢᠳᠠᠭ ᠃ ᠮᠠᠨ ᠤ ᠰᠢᠶᠠᠨ ᠳᠤ ᠡᠯᠪᠡᠭ ᠪᠠᠶᠠᠯᠢᠭ ᠦᠨᠳᠦᠰᠦᠲᠡᠨ ᠤ ᠰᠣᠶᠣᠯ ᠤᠨ ᠡᠬᠢ ᠪᠠᠶᠠᠯᠢᠭ ᠲᠠᠢ ᠂ ᠬᠠᠳᠬᠤᠮᠠᠯ ᠪᠠ ᠪᠤᠷᠭᠠᠰᠤᠨ ᠭᠦᠷᠦᠮᠡᠯ ᠨᠢ ᠤᠯᠠᠮᠵᠢᠯᠠᠯᠲᠤ ᠭᠠᠷ ᠤᠷᠠᠯᠠᠯ ᠤᠨ ᠤᠷᠠᠯᠠᠯ ᠪᠣᠯᠤᠭᠰᠠᠨ ᠤ ᠬᠤᠪᠢ ᠳᠤ ᠂ ᠥᠪᠡᠷᠮᠢᠴᠡ ᠤᠷᠠᠯᠢᠭ ᠤᠨ ᠲᠠᠲᠠᠬᠤ ᠬᠦᠴᠦᠨ ᠪᠠ ᠥᠷᠭᠡᠨ ᠠᠭᠤᠳᠠᠮ ᠵᠠᠬ᠎ᠠ ᠳᠡᠯᠭᠡᠭᠦᠷ ᠤᠨ ᠢᠷᠡᠭᠡᠳᠦᠢ ᠲᠠᠢ ᠶᠤᠮ ᠃ ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠡᠷᠭᠢᠯᠡᠭᠰᠡᠨ ᠨᠢ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠰᠣᠶᠣᠯ ᠤᠨ ᠴᠡᠴᠡᠭᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠦᠨᠳᠦᠰᠦᠲᠡᠨ  ᠤ ᠪᠦᠯᠬᠦᠮᠳᠡᠯ  ᠢ ᠴᠢᠩᠭᠠᠳᠬᠠᠨ᠂ ᠦᠨᠳᠦᠰᠦᠲᠡᠨ ᠨᠦᠭᠦᠳ ᠤᠨ ᠰᠣᠶᠣᠯ ᠤᠨ ᠰᠣᠯᠢᠯᠴᠠᠭ᠎ᠠ ᠪᠠ ᠲᠣᠯᠢᠯᠠᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠲᠣᠰ ᠤᠳᠠᠭᠠᠨ ᠤ ᠦᠨᠳᠦᠰᠦᠲᠡᠨ ᠤ ᠭᠠᠷ ᠤᠷᠠᠯᠠᠯ ᠤᠨ ᠪᠣᠯᠪᠠᠰᠤᠷᠠᠯ ᠢ ᠬᠠᠳᠬᠤᠮᠠᠯ ᠤᠨ ᠠᠩᠭᠢ ᠪᠠ ᠪᠤᠷᠭᠠᠰᠤᠨ ᠭᠦᠷᠦᠮᠡᠯ ᠤᠨ ᠠᠩᠭᠢ ᠭᠡᠵᠦ ᠬᠤᠪᠢᠶᠠᠵᠤ᠂ ᠪᠣᠯᠪᠠᠰᠤᠷᠠᠯ ᠤᠨ ᠠᠩᠭᠢ ᠨᠢᠭᠡᠪᠦᠷᠢ ᠨᠢ 7 ᠡᠳᠦᠷ  ᠤᠨ ᠬᠤᠭᠤᠴᠠᠭ᠎ᠠ ᠲᠠᠢ ᠶᠠᠪᠤᠭᠳᠠᠵᠤ᠂ ᠪᠥᠬᠦ ᠰᠢᠶᠠᠨ ᠤ ᠡᠯ᠎ᠡ ᠪᠠᠯᠭᠠᠰᠤ ᠲᠠᠯᠠᠪᠠᠶ ᠶᠢᠨ 80 ᠭᠠᠷᠤᠢ ᠰᠣᠷᠣᠭᠴᠢ ᠶᠢ ᠲᠡᠳᠡᠨ ᠣᠷᠣᠯᠴᠠᠭᠤᠯᠪᠠ᠃ ᠪᠣᠯᠪᠠᠰᠤᠷᠠᠯ ᠤᠨ ᠠᠩᠭᠢ ᠲᠤᠷᠰᠢᠯᠭ᠎ᠠ ᠪᠠᠷ ᠪᠠᠶᠠᠯᠢᠭ ᠂ ᠤᠷ᠎ᠠ ᠮᠡᠷᠭᠡᠵᠢᠯ ᠳᠡᠭᠡᠨ ᠴᠠᠭᠠᠷᠠᠭᠰᠠᠨ ᠤᠷ᠎ᠠ ᠮᠡᠷᠭᠡᠵᠢᠯ  ᠤᠨ ᠤᠯᠠᠮᠵᠢᠯᠠᠭᠴᠢ ᠶᠢ ᠬᠢᠴᠢᠶᠡᠯᠯᠡᠬᠦ ᠪᠠᠭᠰᠢ ᠪᠠᠷ ᠤᠷᠢᠵᠤ ᠂ ᠤᠨᠤᠯ ᠪᠠ ᠦᠢᠯᠡᠳᠦᠯᠭᠡ ᠶᠢ ᠤᠶᠠᠯᠳᠤᠭᠤᠯᠬᠤ ᠠᠷᠭ᠎ᠠ ᠪᠠᠷ ᠰᠤᠷᠤᠭᠴᠢᠳ  ᠲᠤ ᠬᠠᠳᠬᠤᠮᠠᠯ  ᠤᠨ ᠣᠶᠣᠳᠠᠯ ᠤᠨ ᠲᠦᠷᠦᠯ ᠵᠦᠢᠯ ᠂ ᠥᠩᠭᠡ ᠪᠤᠳᠤᠭ ᠢ ᠵᠣᠬᠢᠴᠠᠭᠤᠯᠬᠤ ᠤᠭ ᠶᠣᠰᠣ ᠂ ᠵᠢᠷᠤᠭ ᠲᠥᠯᠥᠪᠯᠡᠭᠡ ᠶᠢᠨ ᠰᠡᠳᠬᠢᠴᠡ ᠵᠡᠷᠭᠡ  ᠶᠢ ᠨᠠᠷᠢᠨ ᠲᠠᠶᠢᠯᠪᠤᠷᠢᠯᠠᠵᠤ ᠥᠭᠪᠡ︔ ᠦᠢᠯᠡᠳᠦᠯᠭᠡ ᠶᠢᠨ ᠭᠤᠭᠴᠤᠭ᠎ᠠ ᠳᠤ ᠂ ᠰᠤᠷᠤᠭᠴᠢᠳ ᠪᠠᠭᠰᠢ ᠶᠢᠨ ᠢᠶᠠᠨ ᠨᠠᠷᠢᠨ ᠨᠢᠮᠪᠠᠢ ᠵᠢᠯᠣᠭᠤᠳᠤᠯᠭ᠎ᠠ ᠶᠢᠨ ᠳᠣᠣᠷ᠎ᠠ ᠭᠠᠷ ᠬᠥᠳᠡᠯᠦᠨ ᠠᠵᠢᠯᠯᠠᠵᠤ ᠂ ᠤᠨᠤᠯ ᠤᠨ ᠮᠡᠳᠡᠯᠭᠡ ᠶᠢ ᠪᠣᠳᠠᠲᠠᠢ ᠤᠷ᠎ᠠ ᠴᠢᠳᠠᠪᠤᠷᠢ ᠪᠣᠯᠭᠠᠨ ᠬᠤᠪᠢᠷᠠᠭᠤᠯᠪᠠ᠃      ︽ᠵᠠᠰᠠᠭ ᠤᠨ ᠣᠷᠳᠣᠨ  ᠠᠴᠠ ᠪᠢᠳᠡᠨ ᠳᠤ ᠡᠶᠢᠮᠦ ᠰᠠᠶᠢᠨ ᠲᠠᠪᠴᠠᠩ ᠭᠠᠷᠭᠠᠵᠤ ᠥᠭᠭᠦᠭᠰᠡᠨ ᠪᠥᠭᠡᠳ ᠪᠠᠰᠠ ᠬᠠᠳᠬᠤᠮᠠᠯ ᠤᠨ ᠲᠤᠰᠬᠠᠢ ᠮᠡᠷᠭᠡᠵᠢᠯ  ᠤᠨ ᠪᠠᠭᠰᠢ  ᠶᠢ ᠵᠠᠯᠠᠵᠤ ᠬᠢᠴᠢᠶᠡᠯᠯᠡᠭᠦᠯᠦᠭᠰᠡᠨ ᠶᠤᠮ᠂ ᠪᠠᠭᠰᠢ  ᠶᠢᠨ ᠲᠠᠶᠢᠯᠤᠮᠵᠢ  ᠨᠢ ᠴᠦ ᠣᠯᠠᠨ ᠲᠦᠮᠡᠨ ᠤ ᠠᠩᠬᠠᠷᠤᠯ  ᠢ ᠶᠡᠬᠡᠳᠡ ᠲᠠᠲᠠᠵᠤ᠂ ᠣᠶᠢᠯᠠᠭᠠᠮᠵᠢᠲᠠᠢ ᠂ ᠦᠢᠯᠡᠳᠦᠯᠭᠡᠵᠢᠭᠦᠯᠬᠦ ᠳᠤ ᠠᠮᠠᠷᠬᠠᠨ ᠪᠠᠶᠢᠳᠠᠭ᠂ ᠪᠢ ᠡᠨᠡ ᠤᠳᠠᠭᠠᠨ ᠤ ᠰᠤᠷᠤᠯᠴᠠᠬᠤ ᠲᠣᠬᠢᠶᠠᠯ  ᠢ ᠨᠠᠨᠳᠢᠩᠨᠠᠵᠤ᠂ ᠬᠠᠳᠬᠤᠮᠠᠯ  ᠢ ᠰᠠᠶᠢᠲᠤᠷ ᠰᠤᠷᠤᠯᠴᠠᠵᠤ ᠂ ᠡᠨᠡ ᠬᠦ ᠤᠷ᠎ᠠ ᠮᠡᠷᠭᠡᠵᠢᠯ  ᠢ ᠤᠯᠠᠮᠵᠢᠯᠠᠨ ᠵᠠᠯᠭᠠᠮᠵᠢᠯᠠᠨ᠎ᠠ︾ ᠭᠡᠵᠦ ᠬᠠᠳᠬᠤᠮᠠᠯ ᠤᠨ ᠠᠩᠭᠢ ᠶᠢᠨ ᠰᠤᠷᠤᠭᠴᠢ ᠴᠧᠨ ᠬᠦᠢ ᠶᠠᠨ ᠪᠠᠶᠠᠷ ᠲᠠᠢ ᠪᠠᠷ ᠬᠡᠯᠡᠪᠡ ᠃
a64c641adfb05dfbd76f1a639e2d1668_W020250327358239685947.png
      ︽ᠡᠨᠡ ᠤᠳᠠᠭᠠᠨ ᠤ ᠪᠣᠯᠪᠠᠰᠤᠷᠠᠯ ᠢᠶᠠᠷ ᠳᠠᠮᠵᠢᠭᠠᠳ ᠂ ᠮᠠᠨ ᠤ ᠳᠤᠮᠳᠠᠳᠤ  ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ  ᠢ ᠤᠯᠠᠮᠵᠢᠯᠠᠨ ᠵᠠᠯᠭᠠᠮᠵᠢᠯᠠᠵᠤ ᠴᠢᠳᠠᠬᠤ ᠪᠠᠷ ᠪᠠᠷᠠᠬᠤ ᠦᠭᠡᠢ ᠪᠠᠰᠠ ᠭᠡᠷ ᠪᠦᠯᠢ  ᠶᠢᠨ ᠠᠳᠠᠯ ᠦᠢᠯᠡᠰ ᠴᠣᠭᠴᠠᠯᠠᠨ ᠠᠵᠢᠯ ᠣᠯᠵᠤ᠂ ᠭᠡᠷ ᠪᠦᠯᠢ  ᠶᠢᠨ ᠣᠷᠣᠯᠭ᠎ᠠ  ᠶᠢ ᠨᠡᠮᠡᠭᠳᠡᠭᠦᠯᠵᠦ ᠴᠢᠳᠠᠬᠤ ᠶᠤᠮ︾ ᠭᠡᠵᠦ ᠶᠡᠬᠡᠲᠠᠯ᠎ᠠ ᠪᠠᠯᠭᠠᠰᠤ ᠶᠢᠨ ᠰᠢᠷᠠᠬᠤᠸᠠ ᠭᠠᠴᠠᠭ᠎ᠠ ᠶᠢᠨ ᠰᠤᠷᠤᠭᠴᠢ ᠢᠦᠢ ᠯᠠᠨ ᠬᠡᠯᠡᠪᠡ ᠃      ᠣᠶᠢᠷ᠎ᠠ ᠶᠢᠨ ᠵᠢᠯ ᠤᠳ ᠲᠤ ᠂ ᠮᠠᠨ ᠤ ᠰᠢᠶᠠᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ  ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠡᠯ᠎ᠡ ᠲᠦᠷᠦᠯ ᠤᠨ ᠪᠣᠯᠪᠠᠰᠤᠷᠠᠯ ᠤᠨ ᠠᠩᠭᠢ ᠪᠠ ᠰᠣᠶᠣᠯ ᠤᠨ ᠠᠵᠢᠯᠯᠠᠭ᠎ᠠ ᠶᠢ ᠡᠷᠬᠢᠯᠡᠬᠦ  ᠪᠠᠷ ᠳᠠᠮᠵᠢᠭᠤᠯᠤᠨ ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠭᠠᠷ ᠤᠷᠠᠯᠠᠯ  ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ  ᠶᠢ ᠲᠠᠰᠤᠷᠠᠯᠳᠠ ᠦᠭᠡᠢ ᠴᠢᠩᠭᠠᠳᠬᠠᠭᠠᠳ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ ᠃ᠲᠣᠰ ᠤᠳᠠᠭᠠᠨ ᠤ ᠪᠣᠯᠪᠠᠰᠤᠷᠠᠯ ᠢ ᠰᠢᠶᠠᠨ ᠤ ᠦᠨᠳᠦᠰᠦᠲᠡᠨ  ᠤ ᠬᠡᠷᠡᠭ ᠡᠷᠭᠢᠯᠡᠬᠦ ᠵᠥᠪᠯᠡᠯ ᠠᠴᠠ ᠭᠤᠣᠯᠯᠠᠨ ᠡᠷᠭᠢᠯᠡᠵᠦ᠂ ᠰᠢᠶᠠᠨ ᠤ ᠰᠣᠶᠣᠯ  ᠤᠨ ᠣᠷᠳᠣᠨ ᠬᠠᠮᠵᠢᠯᠴᠠᠨ ᠡᠷᠬᠢᠯᠡᠪᠡ᠂ ᠡᠨᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ ᠶᠤᠮ᠃ ︵ ᠸᠠᠩ ᠵᠢᠶᠠ ᠳ᠋ᠦᠩ ︶ 
 
ᠢᠷᠡᠯᠲᠡ᠄ ᠺᠠᠶᠢᠯᠦ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号