ᠡᠾᠧ ᠴᠦᠨ ᠡᠾᠦ᠋ᠩ ᠷᠠᠰᠢᠰᠠᠩᠪᠤ ᠰᠣᠶᠣᠯ ᠤᠨ ᠶᠡᠭᠡ ᠬᠦᠷᠢᠶᠡᠯᠡᠩ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/27
      3 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠾᠧ ᠴᠦᠨ ᠡᠾᠦ᠋ᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠳ᠋ᠦᠩ ᠹᠧᠩ ᠪᠠᠯᠭᠠᠰᠤᠨ ᠤ ᠭᠤᠸᠠᠨ ᠶᠢᠨ ᠬᠤᠤ ᠲᠣᠰᠬᠤᠨ ᠳᠤ ᠭᠦᠨᠵᠡᠭᠡᠶᠢᠷᠡᠨ᠂ ᠷᠠᠰᠢᠰᠠᠩᠪᠤ ᠶᠢᠨ ᠰᠣᠶᠣᠯ ᠤᠨ ᠶᠡᠭᠡ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠥᠳᠡᠭᠡ ᠲᠣᠰᠬᠤᠨ ᠤ ᠰᠣᠶᠣᠯ ᠤᠨ ᠤᠯᠠᠮᠵᠢᠯᠠᠯ ᠪᠠ ᠰᠢᠨ᠎ᠡ ᠡᠭᠦᠳᠦᠯᠲᠡ᠂ ᠬᠥᠳᠡᠭᠡ ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠶᠢᠨ ᠦᠷ᠎ᠡ ᠪᠦᠲᠦᠭᠡᠯ ᠢ ᠭᠤᠣᠯᠳᠠᠯᠭ᠎ᠠ ᠲᠠᠢ ᠪᠠᠶᠢᠴᠠᠭᠠᠨ ᠰᠤᠳᠤᠯᠪᠠ᠃ ᠰᠢᠶᠠᠨ ᠤ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠂ ᠳ᠋ᠦᠩ ᠹᠧᠩ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃
b1a026c147e2990d76340694cc6459fc_W020250327358866571980.png
      ᠪᠠᠶᠢᠴᠠᠭᠠᠨ ᠰᠤᠳᠤᠯᠬᠤ ᠳᠤᠭᠤᠶᠢᠯᠠᠩ ᠶᠠᠭᠤᠨ ᠤ ᠡᠮᠦᠨ᠎ᠡ ᠷᠠᠰᠢᠰᠠᠩᠪᠤ ᠶᠢᠨ ᠵᠢᠷᠤᠭ ᠤᠨ ᠥᠷᠥᠭᠡ ᠵᠢᠴᠢ ᠰᠣᠶᠣᠯ ᠤᠨ ᠶᠡᠭᠡ ᠬᠦᠷᠢᠶᠡᠯᠡᠩ ᠤᠨ ᠵᠢᠭᠠᠨ ᠰᠤᠷᠭᠠᠬᠤ ᠴᠡᠭ  ᠢ ᠲᠣᠭᠤᠷᠢᠨ ᠦᠵᠡᠪᠡ᠃ ᠷᠠᠰᠢᠰᠠᠩᠪᠤ ᠰᠣᠶᠣᠯ ᠤᠨ ᠶᠡᠭᠡ ᠬᠦᠷᠢᠶᠡᠯᠡᠩ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠣᠯᠣᠨ ᠦᠢᠯᠡᠳᠦᠯᠭᠡ  ᠶᠢᠨ ᠦᠷ᠎ᠡ ᠪᠦᠲᠦᠭᠡᠯ ᠢ ᠨᠠᠷᠢᠨ ᠲᠠᠨᠢᠯᠴᠠᠭᠤᠯᠪᠠ ᠂ 2018 ᠣᠨ ᠳᠤ ᠥᠪᠡᠷ ᠤᠨ ᠬᠦᠷᠢᠶ᠎ᠡ ᠪᠠᠨ ᠰᠣᠶᠣᠯ ᠤᠨ ᠵᠢᠭᠰᠠᠭᠠᠯ ᠤᠨ ᠭᠠᠵᠠᠷ ᠪᠣᠯᠭᠠᠨ ᠥᠭᠡᠷᠡᠴᠢᠯᠡᠭᠰᠡᠨ ᠠᠴᠠ ᠨᠠᠰᠢ ᠂ ᠨᠡᠶᠢᠳᠡ ᠮᠢᠩᠭ᠎ᠠ ᠭᠠᠷᠤᠢ ᠰᠤᠷᠤᠬᠴᠢ ᠶᠢ ᠬᠥᠮᠥᠵᠢᠭᠦᠯᠵᠦ ᠂ ᠵᠢᠯ ᠪᠦᠷᠢ ᠤᠷᠠᠯᠢᠭ ᠤᠨ ᠪᠣᠯᠪᠠᠰᠤᠷᠠᠯ ᠂ ᠰᠣᠶᠣᠯ ᠤᠨ ᠠᠵᠢᠯᠯᠠᠭ᠎ᠠ  ᠶᠢ 20 ᠭᠠᠷᠤᠢ ᠤᠳᠠᠭ᠎ᠠ ᠥᠷᠨᠢᠭᠦᠯᠪᠡ᠃      ᠰᠣᠶᠣᠯ ᠤᠨ ᠶᠡᠭᠡ ᠬᠦᠷᠢᠶᠡᠯᠡᠩ ᠤᠨ ᠵᠢᠭᠠᠨ ᠰᠤᠷᠭᠠᠯᠲᠠ ᠶᠢᠨ ᠲᠣᠭᠤᠷᠢᠭ ᠲᠤ ᠂ ᠪᠠᠶᠢᠴᠠᠭᠠᠨ ᠰᠤᠳᠤᠯᠬᠤ ᠳᠤᠭᠤᠶᠢᠯᠠᠩ ᠰᠤᠷᠤᠭᠴᠢᠳ ᠤᠨ ᠪᠦᠲᠦᠭᠡᠯ ᠵᠢᠴᠢ ᠬᠥᠳᠡᠭᠡ ᠲᠣᠰᠬᠤᠨ ᠤ ᠰᠣᠶᠣᠯ ᠤᠨ ᠠᠵᠢᠯᠯᠠᠭ᠎ᠠ ᠶᠢᠨ ᠳᠦᠷᠰᠦ ᠰᠢᠩᠭᠡᠭᠡᠯᠲᠡ  ᠶᠢᠨ ᠮᠠᠲ᠋ᠧᠷᠢᠶᠠᠯ ᠢ ᠦᠵᠡᠪᠡ ᠃ ᠡᠾᠧ ᠴᠦᠨ ᠡᠾᠦ᠋ᠩ ᠰᠣᠶᠣᠯ  ᠤᠨ ᠶᠡᠭᠡ ᠬᠦᠷᠢᠶᠡᠯᠡᠩ ᠤᠨ ︽ ᠤᠷᠠᠯᠢᠭ + ᠨᠡᠶᠢᠲᠡ  ᠶᠢᠨ ᠠᠰᠠᠷᠠᠮᠵᠢ ︾  ᠶᠢᠨ ᠵᠠᠭᠪᠤᠷ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠤ ᠬᠦᠴᠦᠨ ᠨᠡᠮᠡᠷᠢᠯᠡᠭᠰᠡᠨ ᠠᠷᠭ᠎ᠠ ᠬᠢᠳᠡᠯ  ᠢ ᠨᠤᠲᠠᠯᠠᠵᠤ ᠪᠠᠶᠢᠬᠤ ᠪᠠᠨ ᠢᠯᠡᠳᠬᠡᠪᠡ ᠃ ︽ᠰᠣᠶᠣᠯ ᠤᠨ ᠶᠡᠭᠡ ᠬᠦᠷᠢᠶᠡᠯᠡᠩ ᠪᠣᠯ ᠤᠷᠠᠯᠢᠭ ᠤᠨ ᠬᠥᠮᠦᠵᠢᠯ  ᠤᠨ ᠲᠠᠪᠴᠠᠩ ᠪᠣᠯᠬᠤ ᠪᠠᠷ ᠪᠠᠷᠠᠬᠤ ᠦᠭᠡᠢ᠂ ᠨᠠᠩ ᠴᠤ ᠬᠥᠳᠡᠭᠡ ᠲᠣᠰᠬᠤᠨ ᠤ ᠵᠠᠩ ᠰᠤᠷᠲᠠᠯ ᠢ ᠨᠢᠭᠲᠠᠷᠠᠭᠤᠯᠬᠤ᠂ ᠰᠣᠶᠣᠯ ᠤᠨ ᠰᠤᠳᠠᠰᠤ ᠶᠢ ᠤᠯᠠᠮᠵᠢᠯᠠᠬᠤ ᠣᠶᠤᠨ ᠰᠠᠨᠠᠭᠠᠨ ᠤ ᠭᠡᠷ ᠣᠷᠣᠨ ᠮᠥᠨ︾ ᠭᠡᠵᠦ ᠵᠢᠭᠠᠵᠤ ᠭᠠᠷᠭᠠᠪᠠ᠃ ᠲᠡᠷᠡ ᠴᠢᠩᠭᠠᠳᠬᠠᠭᠰᠠᠨ ᠨᠢ᠂ ᠭᠠᠵᠠᠷ ᠣᠷᠣᠨ ᠤ ᠰᠣᠶᠣᠯ ᠤᠨ ᠣᠨᠴᠠᠯᠢᠭ  ᠢ ᠴᠢᠨᠠᠭᠰᠢᠳᠠ ᠠᠭᠤᠳᠠᠯᠵᠤ ᠂ ᠪᠣᠳᠠᠰ  ᠤᠨ ᠪᠤᠰᠤ ᠰᠣᠶᠣᠯ  ᠤᠨ ᠥᠪ ᠤᠨ ᠤᠷ᠎ᠠ ᠮᠡᠷᠭᠡᠵᠢᠯ ᠂ ᠵᠠᠩ ᠦᠢᠯᠡ ᠶᠢᠨ ᠰᠣᠶᠣᠯ ᠤᠨ ᠠᠮᠢᠳᠤᠯᠢᠭ ᠤᠯᠠᠮᠵᠢᠯᠠᠯ  ᠢ ᠴᠢᠩᠭᠠᠳᠬᠠᠵᠤ ᠂ ᠺᠠᠶᠢᠯᠤ  ᠶᠢᠨ ᠢᠯᠭᠠᠨ ᠲᠠᠨᠢᠬᠤ ᠬᠡᠮᠵᠢᠶ᠎ᠡ  ᠲᠠᠢ ᠰᠣᠶᠣᠯ ᠤᠨ ᠲᠦᠷᠦᠯ ᠲᠡᠮᠳᠡᠭ ᠢ ᠡᠭᠦᠳᠬᠦ ᠬᠡᠷᠡᠭᠲᠡᠢ ᠃
f1a9078fec3f2d5a8fb5355428f0f827_W020250327358866711204.png
      ᠳᠠᠷᠠᠭᠠᠴᠢ  ᠶᠢᠨ ᠠᠯᠬᠤᠮ  ᠳᠤ ᠂ ︽ ᠤᠮᠠᠷᠠᠲᠤ ᠬᠢᠯᠢ ᠶᠢᠨ ᠰᠣᠶᠣᠯ ︾  ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠱᠠᠭᠠᠷᠳᠠᠯᠭ᠎ᠠ  ᠲᠠᠢ ᠤᠶᠠᠯᠳᠤᠭᠤᠯᠵᠤ ᠂ ᠡᠬᠢ ᠪᠠᠶᠠᠯᠢᠭ ᠢ ᠨᠡᠶᠢᠳᠬᠡᠵᠦ ᠂ ᠲᠣᠭᠲᠠᠴᠠ ᠶᠢᠨ ᠰᠢᠨ᠎ᠡ ᠶᠢ ᠡᠭᠦᠳᠴᠦ ᠂ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠪᠠ ᠦᠨᠳᠦᠰᠦᠲᠡᠨ  ᠤ ᠪᠦᠯᠬᠦᠮᠳᠡᠯ ᠤᠨ ᠬᠥᠮᠦᠵᠢᠯ ᠢ ᠴᠢᠩᠭᠠᠳᠬᠠᠵᠤ ᠂ ᠨᠡᠩ ᠤᠯᠠᠨ ᠠᠷᠠᠳ ᠤᠨ ᠰᠣᠶᠣᠯ ᠤᠨ ᠵᠢᠭᠰᠠᠭᠠᠯ ᠤᠨ ᠭᠠᠵᠠᠷ ᠤᠨ ᠬᠥᠭᠵᠢᠯᠲᠡ ᠶᠢ ᠳᠠᠶᠢᠴᠢᠯᠠᠵᠤ ᠂ ᠤᠯᠠᠮᠵᠢᠯᠠᠯᠲᠤ ᠰᠣᠶᠣᠯ ᠢ ᠰᠢᠨ᠎ᠡ ᠴᠠᠭ ᠦᠶ᠎ᠡ ᠳᠤ ᠠᠮᠢᠵᠢᠷᠠᠯ ᠤᠨ ᠬᠦᠴᠦᠨ ᠲᠠᠢ ᠪᠣᠯᠭᠠᠨ᠎ᠠ ᠃  
 
ᠢᠷᠡᠯᠲᠡ᠄ ᠺᠠᠶᠢᠯᠦ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号