ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠡᠷᠭᠦᠯᠲᠡ ᠶᠢᠨ ᠭᠤᠣᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2025/3/27
      ᠡᠨᠡ ᠵᠢᠯ ᠤᠨ 3 ᠰᠠᠷ᠎ᠠ  ᠶᠢᠨ 22 ᠤᠨ ᠡᠳᠦᠷ ᠪᠣᠯ ᠭᠤᠴᠢᠨ ᠭᠤᠷᠪᠠᠳᠤᠭᠠᠷ ᠬᠤᠭᠤᠴᠠᠭᠠᠨ ᠤ ︽ᠳᠡᠯᠡᠬᠡᠢ  ᠶᠢᠨ ᠤᠰᠤᠨ ᠤ ᠡᠳᠦᠷ︾ ᠮᠥᠨ᠂ 3 ᠰᠠᠷ᠎ᠠ  ᠶᠢᠨ 22 ᠤᠨ ᠡᠳᠦᠷ ᠠᠴᠠ 28 ᠤ ᠡᠳᠦᠷ ᠪᠣᠯ ᠭᠤᠴᠢᠨ ᠨᠠᠢᠮᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠮᠥᠨ᠃ ᠪᠠᠷᠠᠭᠤᠨ ᠯᠢᠶᠣᠤ ᠾᠧ ᠭᠤᠣᠯ ᠤᠨ ᠬᠠᠮᠠᠭᠠᠯᠠᠯᠲᠠ ᠵᠠᠰᠠᠯᠲᠠ  ᠶᠢᠨ ᠠᠵᠢᠯ ᠢ ᠪᠦᠬᠦ ᠲᠠᠯ᠎ᠠ ᠪᠠᠷ ᠠᠬᠢᠭᠤᠯᠵᠤ ᠂ ᠭᠤᠣᠯ ᠮᠥᠷᠡᠨ ᠤ ᠠᠮᠢ ᠠᠬᠤᠢ  ᠶᠢᠨ ᠰᠡᠷᠭᠦᠯᠲᠡ ᠶᠢ ᠠᠬᠢᠭᠤᠯᠵᠤ ᠂ ᠰᠠᠪᠠ ᠭᠠᠵᠠᠷ ᠤᠨ ᠤᠯᠠᠨ ᠲᠦᠮᠡᠨ ᠤ ᠤᠰᠤᠨ  ᠤ ᠠᠮᠤᠷ ᠲᠦᠪᠰᠢᠨ  ᠢ ᠪᠠᠲᠤᠯᠠᠬᠤ ᠤᠬᠠᠮᠰᠠᠷ  ᠢ ᠳᠡᠭᠡᠭᠰᠢᠯᠡᠭᠦᠯᠬᠦ ᠶᠢᠨ ᠲᠥᠯᠥᠭᠡ ᠂ 3 ᠰᠠᠷ᠎ᠠ ᠶᠢᠨ 26  ᠤ ᠡᠳᠦᠷ ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠡᠷᠭᠦᠯᠲᠡ ᠶᠢᠨ ᠭᠤᠣᠯ ᠰᠡᠳᠦᠪᠲᠦ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠮᠠᠨ ᠤ ᠰᠢᠶᠠᠨ ᠳᠤ ᠶᠠᠪᠤᠭᠳᠠᠪᠠ ᠃ ᠤᠰᠤᠨ ᠠᠰᠢᠭᠯᠠᠯᠲᠠ ᠶᠢᠨ ᠶᠠᠮᠤᠨ ᠤ ᠰᠤᠩᠭᠠᠷᠢ ᠮᠥᠷᠡᠨ ᠯᠢᠶᠣᠤ ᠾᠧ ᠭᠤᠣᠯ ᠤᠨ ᠤᠰᠤᠨ ᠠᠰᠢᠭᠯᠠᠯᠲᠠ  ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠡᠷᠬᠢᠯᠡᠭᠴᠢ ᠯᠢᠶᠠᠨ ᠮᠣᠣ ᠴᠢᠩ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠧᠩ ᠰᠢᠶᠣᠣ ᠶᠢᠦ ᠂ ᠬᠢᠷᠢᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠮᠠ ᠯᠢ᠂ ᠯᠢᠶᠣᠤᠨᠢᠩ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠮᠠ ᠵᠤᠤ ᠯᠦᠩ ᠂ ᠬᠤᠳᠠ ᠶᠢᠨ ᠵᠠᠰᠠᠭ ᠤᠨ ᠣᠷᠳᠣᠨ  ᠤ ᠳᠡᠳ᠋ ᠳᠠᠷᠤᠭ᠎ᠠ ᠯᠢᠦᠢ ᠭᠦᠸᠧ ᠬᠤᠸᠠ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠯᠢᠶᠠᠩ ᠠᠵᠢᠯᠯᠠᠭ᠎ᠠ ᠳᠤ ᠣᠷᠣᠯᠴᠠᠪᠠ ᠃
6ef1732976eba79a7f7812d14493e6cb_W020250327361329016187.png
      ᠯᠢᠦᠢ ᠭᠦᠸᠧ ᠬᠤᠸᠠ ᠪᠠᠶᠠᠷ  ᠤᠨ ᠦᠭᠡ ᠳᠡᠭᠡᠨ ᠵᠢᠭᠠᠭᠰᠠᠨ ᠨᠢ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ  ᠤᠨ ᠠᠮᠢ ᠠᠬᠤᠢ  ᠶᠢᠨ ᠰᠡᠷᠭᠦᠯᠲᠡ  ᠶᠢᠨ ᠢᠨᠵᠧᠨᠧᠷᠢᠩ  ᠢ ᠬᠡᠷᠡᠭᠵᠢᠭᠦᠯᠬᠦ ᠪᠣᠯ ᠰᠢ  ᠶᠢᠨ ᠫᠢᠩ  ᠤᠨ ᠠᠮᠢ ᠠᠬᠤᠢ  ᠶᠢᠨ ᠪᠣᠯᠪᠠᠰᠤᠨ  ᠤ ᠦᠵᠡᠯ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠬᠤ ᠪᠣᠳᠠᠲᠠᠢ ᠦᠢᠯᠡᠳᠦᠯᠭᠡ ᠮᠥᠨ᠂ ᠪᠠᠰᠠ ᠴᠤ ᠤᠯᠤᠰ ᠤᠨ ︽ᠭᠤᠣᠯ ᠮᠥᠷᠡᠨ ᠤ ᠪᠠᠶᠢᠯᠳᠤᠬᠤ ᠪᠣᠳᠣᠯᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠩ ᠴᠤ ᠤᠯᠤᠰ ᠲᠤ ᠠᠰᠢᠭᠲᠠᠢ ᠠᠷᠠᠳ ᠲᠤ ᠠᠰᠢᠭᠲᠠᠢ ᠴᠢᠬᠤᠯᠠ ᠶᠡᠭᠡ ᠠᠷᠠᠳ ᠤᠨ ᠰᠡᠳᠬᠢᠯ  ᠤᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠲᠠᠷᠠᠭᠠᠴᠢ ᠶᠢᠨ ᠠᠯᠬᠤᠮ ᠳᠤ᠂ ᠲᠦᠩᠯᠢᠶᠣᠣ ᠬᠤᠲᠠ ︽ᠬᠤᠩᠭᠢᠯ ᠢ ᠴᠡᠪᠡᠷᠯᠡᠬᠦ ᠠᠵᠢᠯᠯᠠᠭ᠎ᠠ︾ ᠪᠠ ︽ᠳᠥᠷᠪᠡᠨ ᠵᠦᠢᠯ ᠤᠨ ᠰᠠᠮᠠᠭᠤᠷᠠᠯ ᠢ ᠠᠷᠢᠯᠭᠠᠬᠤ︾ ᠠᠵᠢᠯ ᠤᠨ ᠡᠷᠴᠢᠮ  ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠮ ᠳᠠᠭᠠᠤ  ᠶᠢᠨ ᠬᠠᠮᠢᠶᠠᠷᠤᠯᠲᠠ ᠡᠵᠡᠮᠳᠡᠯ  ᠢ ᠴᠢᠩᠭᠠᠳᠬᠠᠨ᠂ ᠪᠠᠷᠠᠭᠤᠨ ᠯᠢᠶᠣᠤ ᠾᠧ ᠭᠤᠣᠯ ᠤᠨ ᠤᠰᠤ ᠲᠠᠲᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ  ᠢᠶᠠᠷ  ᠢᠶᠠᠨ ᠬᠠᠮᠵᠢᠯᠴᠠᠨ ᠰᠠᠶᠢᠲᠤᠷ ᠬᠢᠵᠦ᠂ ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ ᠤᠨ ᠪᠥᠬᠦ ᠱᠤᠭᠤᠮ ᠢᠶᠠᠷ ᠥᠩᠭᠡᠷᠡᠬᠦ ᠶᠢ ᠪᠡᠶᠡᠯᠡᠭᠦᠯᠬᠦ  ᠶᠢ ᠲᠦᠯᠬᠢᠨ ᠠᠬᠢᠭᠤᠯᠤᠨ᠎ᠠ︔ ᠬᠠᠤᠯᠢ ᠴᠠᠭᠠᠵᠠ  ᠶᠢᠨ ︽ ᠵᠢᠷᠭᠤᠭ᠎ᠠ  ᠳᠤ ᠣᠷᠣᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠤᠯᠠᠨ ᠲᠦᠮᠡᠨ  ᠢ ᠬᠥᠲᠥᠯᠥᠨ ᠵᠢᠯᠤᠭᠤᠳᠴᠤ ᠪᠠᠶᠢᠭᠠᠳ ᠤᠰᠤᠨ  ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ  ᠢ ᠤᠬᠠᠮᠰᠠᠷ  ᠠᠴᠠ  ᠪᠠᠨ ᠵᠢᠷᠤᠮᠯᠠᠭᠤᠯᠵᠤ ᠂ ᠰᠠᠪᠠ ᠭᠠᠵᠠᠷ ᠤᠨ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ︔ ︽ᠤᠰᠤ ᠠᠷᠪᠢᠯᠠᠬᠤ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠦᠷᠭᠦᠯᠵᠢᠯᠡᠨ ᠠᠮᠢ ᠠᠬᠤᠢ ᠶᠢᠨ ᠤᠰᠤ ᠨᠥᠬᠦᠪᠦᠷᠢᠯᠡᠬᠦ ᠪᠠᠷ ᠳᠠᠮᠵᠢᠭᠤᠯᠤᠨ ᠠᠮᠢ ᠠᠬᠤᠢ ᠶᠢᠨ ᠴᠢᠳᠠᠮᠵᠢ ᠶᠢ ᠠᠯᠬᠤᠮ ᠠᠯᠬᠤᠮ ᠢᠶᠠᠷ ᠰᠡᠷᠭᠦᠭᠡᠬᠦ  ᠶᠢ ᠠᠬᠢᠭᠤᠯᠤᠨ᠎ᠠ︔ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠬᠢᠨᠠᠯᠲᠠ ᠲᠠᠯᠪᠢᠯᠲᠠ ᠳᠤ ᠣᠷᠣᠯᠴᠠᠬᠤ ᠶᠢ ᠵᠣᠷᠢᠭᠵᠢᠭᠤᠯᠤᠨ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠤᠬᠠᠭᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢ ᠴᠢᠩᠭᠠᠷᠠᠭᠤᠯᠤᠨ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠬᠠᠯᠠᠮᠵᠢᠯᠠᠵᠤ᠂ ᠬᠠᠮᠲᠤᠪᠠᠷ ᠣᠷᠣᠯᠴᠠᠵᠤ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠡᠷᠭᠦᠯᠲᠡ ᠶᠢ ᠬᠠᠮᠲᠤᠪᠠᠷ ᠠᠬᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
2eec1b65cde54b431b7ba55390561835_W020250327361329049429.png
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠧᠩ ᠰᠢᠶᠣᠣ ᠶᠢᠦ ᠂ ᠭᠢᠷᠢᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠮᠠ ᠯᠢ᠂ ᠯᠢᠶᠣᠤᠨᠢᠩ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠮᠠ ᠵᠣᠣ ᠯᠦᠩ᠂ ᠤᠰᠤᠨ ᠠᠰᠢᠭᠯᠠᠯᠲᠠ ᠶᠢᠨ ᠶᠠᠮᠤᠨ ᠤ ᠰᠤᠩᠭᠠᠷᠢ ᠮᠥᠷᠡᠨ ᠯᠢᠶᠣᠤ ᠾᠧ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠯᠢᠶᠠᠨ ᠮᠣᠣ ᠴᠢᠩ ᠤᠷᠢᠳ ᠬᠤᠵᠢᠳ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ︔ ᠤᠰᠤᠨ ᠠᠰᠢᠭᠯᠠᠯᠲᠠ ᠶᠢᠨ ᠶᠠᠮᠤᠨ ᠤ ᠰᠤᠩᠭᠠᠷᠢ ᠮᠥᠷᠡᠨ ᠯᠢᠶᠣᠤ ᠾᠧ ᠭᠤᠣᠯ ᠤᠨ ᠤᠰᠤᠨ ᠠᠰᠢᠭᠯᠠᠯᠲᠠ  ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠡᠷᠭᠦᠯᠲᠡ  ᠶᠢᠨ ᠬᠠᠤᠯᠢ ᠴᠠᠭᠠᠵᠠ  ᠶᠢ ᠲᠦᠭᠡᠮᠡᠯᠵᠢᠭᠦᠯᠬᠦ ᠲᠤᠰᠬᠠᠢ ᠤᠬᠠᠭᠤᠯᠭ᠎ᠠ ᠶᠢᠨ ᠠᠵᠢᠯᠯᠠᠭ᠎ᠠ  ᠶᠢᠨ ᠰᠠᠨᠠᠭᠠᠴᠢᠯᠠᠭ᠎ᠠ  ᠶᠢᠨ ᠪᠢᠴᠢᠭ  ᠢ ᠵᠠᠷᠯᠠᠨ ᠤᠩᠰᠢᠪᠠ᠃
990da470180eb17451463bcae8be2b0a_W020250327361329065949.png
      ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ ᠡᠬᠢᠯᠡᠭᠦᠯᠬᠦ ᠳᠠᠷᠤᠪᠴᠢ ᠶᠢ ᠳᠠᠷᠤᠵᠤ ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ  ᠤᠨ ᠠᠮᠢ ᠠᠬᠤᠢ ᠶᠢᠨ ᠰᠡᠷᠭᠦᠯᠲᠡ ᠶᠢᠨ ᠭᠤᠣᠯ ᠰᠡᠳᠦᠪᠲᠦ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠢᠩᠬᠢᠨᠢ  ᠪᠠᠷ ᠡᠬᠢᠯᠡᠭᠦᠯᠪᠡ ᠃      ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ ᠂ ᠤᠰᠤᠨ ᠠᠰᠢᠭᠯᠠᠯᠲᠠ ᠶᠢᠨ ᠶᠠᠮᠤᠨ ᠤ ᠰᠤᠩᠭᠠᠷᠢ ᠮᠥᠷᠡᠨ ᠯᠢᠶᠣᠤ ᠾᠧ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠂ ᠬᠢᠷᠢᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠂ ᠯᠢᠶᠣᠤᠨᠢᠩ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ︽ ᠪᠠᠷᠠᠭᠤᠨ ᠯᠢᠶᠣᠤ ᠾᠧ ᠭᠤᠣᠯ  ᠤᠨ ᠰᠠᠪᠠ ᠭᠠᠵᠠᠷ ᠤᠨ ᠤᠰᠤᠨ ᠤ ᠬᠠᠤᠯᠢᠵᠢᠯ ᠤᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ ᠲᠤᠬᠠᠢ  ᠶᠢᠨ ᠲᠠᠯᠠᠪᠤᠷ ᠤᠨ ᠭᠤᠣᠯ ᠴᠠᠭᠳᠠᠬᠤ ᠠᠵᠢᠯᠯᠠᠭ᠎ᠠ ᠳᠤ ᠣᠷᠣᠯᠴᠠᠪᠠ ᠃
df8fc4962e6bb1fa173c264b82b9f714_W020250327361329096028.png
      ᠣᠶᠢᠯᠠᠭᠠᠭᠰᠠᠨ ᠢᠶᠠᠷ᠂ ᠲᠤᠰ ᠤᠳᠠᠭᠠᠨ ᠤ ᠬᠠᠤᠯᠢ ᠴᠠᠭᠠᠵᠠ  ᠶᠢᠨ ᠶᠡᠷᠦ  ᠶᠢᠨ ᠮᠡᠳᠡᠯᠭᠡ  ᠶᠢ ᠲᠦᠭᠡᠮᠡᠯᠵᠢᠭᠦᠯᠬᠦ ᠤᠬᠠᠭᠤᠯᠭ᠎ᠠ  ᠶᠢᠨ ᠠᠵᠢᠯᠯᠠᠭ᠎ᠠ   ᠶᠢᠨ ᠭᠤᠣᠯ ᠰᠡᠳᠦᠪ ᠪᠣᠯ ︽ᠬᠠᠤᠯᠢ ᠶᠣᠰᠣᠭᠠᠷ ᠭᠤᠣᠯ ᠮᠥᠷᠡᠨ  ᠢ ᠬᠠᠮᠠᠭᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠵᠣᠯ ᠵᠢᠷᠭᠠᠯ ᠥᠨᠢᠳᠡ︾ ᠪᠣᠯᠣᠨ᠎ᠠ᠂ 3 ᠰᠠᠷ᠎ᠠ  ᠶᠢᠨ 26 ᠤ ᠡᠳᠦᠷ ᠠᠴᠠ ᠡᠬᠢᠯᠡᠨ 4 ᠰᠠᠷ᠎ᠠ  ᠶᠢᠨ ᠡᠴᠦᠰ  ᠲᠤ ᠳᠠᠭᠤᠰᠤᠨ᠎ᠠ᠃      ᠤᠰᠤᠨ ᠠᠰᠢᠭᠯᠠᠯᠲᠠ ᠶᠢᠨ ᠶᠠᠮᠤᠨ ᠤ ᠰᠤᠩᠭᠠᠷᠢ ᠮᠥᠷᠡᠨ ᠯᠢᠶᠣᠤ ᠾᠧ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠂ ᠬᠢᠷᠢᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠂ ᠯᠢᠶᠣᠤᠨᠢᠩ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ  ᠤᠨ ᠬᠥᠭᠵᠢᠯᠲᠡ  ᠶᠢᠨ ᠲᠥᠪ ᠂ ᠬᠤᠲᠠ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠵᠡᠷᠭᠡ ᠨᠢᠭᠡᠴᠢ  ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠂ ᠤᠯᠠᠨ ᠲᠦᠮᠡᠨ ᠤ ᠲᠥᠯᠥᠭᠡᠯᠡᠭᠴᠢ ᠵᠢᠴᠢ ᠰᠤᠷᠤᠭᠴᠢᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃ ︵ ᠶᠠᠩ ᠵᠢᠩ ᠰᠢᠨ ᠂ ᠭᠦᠸᠧ ᠳ᠋ᠡ ᠯᠧᠢ ᠂ ᠬᠤ᠋ ᠯᠢ ᠵᠦᠩ ︶ 
 
ᠢᠷᠡᠯᠲᠡ᠄ ᠺᠠᠶᠢᠯᠦ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号