ᠣᠷᠴᠢᠮ ᠤᠨ ᠵᠢᠯ ᠤᠳ ᠲᠤ᠂ ᠵᠢᠷᠦᠬᠡ ᠴᠢᠰᠤᠨ ᠰᠤᠳᠠᠯ ᠤᠨ ᠡᠪᠡᠳᠴᠢᠨ ᠡᠭᠦᠰᠬᠦ ᠨᠣᠷᠮ᠎ᠠ ᠠᠭᠠᠵᠢᠮ ᠢᠶᠠᠷ | ᠳᠡᠭᠡᠭᠰᠢᠯᠡᠬᠦ ᠬᠠᠨᠳᠤᠰᠢ ᠲᠠᠢ ᠪᠠᠶᠢᠨ᠎ᠠ ᠃ ᠡᠭᠦᠨ ᠤ ᠳᠣᠲᠣᠷ᠎ᠠ ᠵᠢᠷᠦᠬᠡᠨ ᠲᠢᠲᠢᠮ ᠤᠨ ᠡᠪᠡᠳᠴᠢᠨ ᠤ ᠨᠢᠭᠡ ᠶᠡᠭᠡ | ᠠᠶᠤᠯᠲᠤ ᠡᠯᠧᠮᠧᠨ᠋ᠲ ᠪᠣᠯ ᠲᠢᠲᠢᠮᠯᠢᠭ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠬᠤ ᠴᠢᠨᠠᠷᠲᠠᠢ ᠵᠢᠷᠦᠬᠡᠨ | ᠡᠪᠡᠳᠴᠢᠨ ᠪᠦᠷᠢᠯᠳᠦᠬᠦ ᠪᠣᠯᠣᠨ᠎ᠠ ᠂ ᠲᠡᠭᠦᠨ ᠤ ᠭᠤᠣᠯ ᠰᠢᠯᠲᠠᠭᠠᠨ ᠨᠢ ᠴᠢᠰᠤᠨ ᠰᠤᠳᠠᠯ ᠤᠨ ᠳᠣᠲᠣᠷ ᠬᠥᠷᠥᠰᠥ | ᠭᠡᠮᠲᠦᠭᠰᠡᠨ ᠠᠴᠠ ᠪᠣᠯᠤᠭᠰᠠᠨ ᠶᠤᠮ ᠃ ᠡᠨᠡ ᠬᠦ ᠡᠪᠡᠳᠴᠢᠨ ᠤ ᠵᠦᠢ ᠶᠢᠨ ᠶᠠᠪᠤᠴᠠ ᠨᠢ ᠴᠢᠮᠡᠭᠡ ᠠᠨᠢᠷ ᠦᠭᠡᠢ | ᠪᠣᠯᠪᠠᠴᠤ ᠵᠢᠷᠦᠬᠡᠨ ᠤ ᠡᠷᠡᠭᠦᠯ ᠮᠡᠨᠳᠦ ᠳᠤ ᠬᠦᠨᠳᠦ ᠨᠣᠴᠢᠲᠠᠢ ᠰᠦᠷᠳᠡᠭᠦᠯᠦᠯ ᠪᠣᠯᠳᠠᠭ ᠃ ᠡᠭᠦᠨ ᠠᠴᠠ ᠭᠠᠳᠠᠨ᠎ᠠ ᠂ | ᠴᠢᠰᠤᠨ ᠳᠠᠷᠤᠯᠲᠠ ᠥᠨᠳᠥᠷ᠂ ᠴᠢᠰᠤᠨ ᠰᠢᠬᠢᠷ ᠥᠨᠳᠥᠷ ᠂ ᠴᠢᠰᠤᠨ ᠥᠭᠡᠬᠦ ᠥᠨᠳᠥᠷ ᠂ ᠲᠠᠮᠠᠬᠢ ᠲᠠᠲᠠᠬᠤ ᠂ | ᠮᠠᠷᠢᠶᠠᠯᠠᠬᠤ ᠂ ᠰᠥᠨᠢ ᠳᠦᠯᠢᠬᠦ ᠂ ᠳᠠᠷᠤᠯᠲᠠ ᠶᠡᠭᠡ ᠂ ᠮᠠᠭᠤ ᠢᠳᠡᠭᠡᠨ ᠤᠮᠳᠠᠭᠠᠨ ᠢᠳᠡᠬᠦ᠂ ᠵᠢᠷᠮᠦᠰᠦᠯᠡᠬᠦ ᠶᠢ | ᠬᠤᠷᠢᠭᠯᠠᠬᠤ ᠡᠮ ᠤᠤᠭᠤᠬᠤ ᠵᠡᠷᠭᠡ ᠡᠯᠧᠮᠧᠨ᠋ᠲ ᠨᠢ ᠪᠠᠰᠠ ᠵᠢᠷᠦᠬᠡ ᠴᠢᠰᠤᠨ ᠰᠤᠳᠠᠯ ᠤᠨ ᠡᠪᠡᠳᠴᠢᠨ ᠤ | ᠲᠦᠭᠰᠢᠭᠦᠷᠢ ᠶᠢ ᠨᠡᠮᠡᠭᠳᠡᠭᠦᠯᠦᠨ᠎ᠡ ᠃ | ᠡᠩ ᠤᠨ ᠣᠶᠢᠶ᠎ᠠ ᠳᠤ ᠶᠠᠭᠠᠬᠢᠵᠤ ᠵᠢᠷᠦᠬᠡ ᠪᠠᠨ ᠬᠠᠮᠠᠭᠠᠯᠠᠬᠤ ᠪᠣᠢ︖ | 1.ᠰᠠᠶᠢᠨ ᠤᠨᠲᠠᠬᠤ ᠬᠡᠷᠡᠭᠲᠡᠢ᠃ ᠤᠨᠲᠠᠭᠰᠠᠨ ᠪᠠᠶᠢᠳᠠᠯ ᠳᠣᠣᠷ᠎ᠠ ᠂ ᠬᠥᠮᠥᠨ ᠤ ᠵᠢᠷᠦᠬᠡ ᠰᠡᠷᠭᠡᠭ ᠪᠠᠶᠢᠬᠤ | ᠦᠶ᠎ᠡ ᠶᠢᠨ ᠬᠢ ᠠᠴᠠ ᠪᠠᠨ ᠮᠢᠨᠦ᠋ᠲ ᠪᠦᠷᠢ ᠳᠤ 10 ~ 30 ᠤᠳᠠᠭ᠎ᠠ ᠳᠤᠲᠠᠭᠤ ᠴᠤᠬᠢᠯᠳᠠᠭ ᠃ ᠤᠷᠲᠤ | ᠬᠤᠭᠤᠴᠠᠭ᠎ᠠ ᠪᠠᠷ ᠰᠥᠨᠢ ᠳᠦᠯᠢᠪᠡᠯ ᠪᠣᠳᠠᠰ ᠤᠨ ᠰᠣᠯᠢᠯᠴᠠᠭ᠎ᠠ ᠰᠠᠮᠠᠭᠤᠷᠠᠵᠤ ᠂ ᠮᠡᠳᠡᠷᠡᠯ ᠬᠥᠭᠡᠷᠴᠦ ᠂ ᠵᠢᠷᠦᠬᠡᠨ | ᠴᠣᠬᠢᠯᠭ᠎ᠠ ᠲᠦᠷᠭᠡᠰᠴᠦ ᠂ ᠵᠢᠷᠦᠬᠡᠨ ᠤ ᠳᠠᠷᠤᠭᠠᠰᠤ ᠶᠢ ᠨᠡᠮᠡᠭᠳᠡᠭᠦᠯᠳᠡᠭ ᠃ ᠡᠶᠢᠮᠦ ᠠᠴᠠ ᠂ ᠵᠢᠷᠦᠬᠡ ᠶᠢ | ᠬᠠᠮᠠᠭᠠᠯᠠᠬᠤ ᠳᠤ ᠡᠩ ᠲᠡᠷᠢᠭᠦᠨ ᠳᠤ ᠭᠦᠢᠴᠡᠳ ᠤᠨᠲᠠᠬᠤ ᠶᠢ ᠪᠠᠲᠤᠯᠠᠬᠤ ᠬᠡᠷᠡᠭᠲᠡᠢ ᠃ | 2. ᠴᠢᠰᠤᠨ ᠳᠠᠷᠤᠯᠲᠠ ᠪᠠᠨ ᠬᠢᠵᠠᠭᠠᠷᠯᠠᠬᠤ ᠬᠡᠷᠡᠭᠲᠡᠢ ᠃ ᠴᠢᠰᠤᠨ ᠳᠠᠷᠤᠯᠲᠠ ᠥᠨᠳᠥᠷ ᠪᠣᠯᠪᠠᠯ ᠵᠢᠷᠦᠬᠡᠨ | ᠴᠣᠬᠢᠯᠭ᠎ᠠ ᠲᠦᠷᠭᠡᠰᠳᠡᠭ ᠂ ᠴᠢᠰᠤᠨ ᠳᠠᠷᠤᠯᠲᠠ ᠤᠷᠲᠤ ᠬᠤᠭᠤᠴᠠᠭ᠎ᠠ ᠪᠠᠷ ᠲᠣᠭᠲᠠᠭᠤᠨ ᠪᠤᠰᠤ ᠪᠣᠯᠪᠠᠯ ᠵᠢᠷᠦᠬᠡᠨ | ᠪᠤᠯᠴᠢᠩ ᠵᠤᠵᠠᠭᠠᠷᠠᠨ ᠂ ᠵᠢᠷᠦᠬᠡᠨ ᠬᠤᠪᠲᠣᠯ ᠲᠣᠮᠣᠷᠠᠳᠠᠭ ᠃ ᠡᠶᠢᠮᠦ ᠠᠴᠠ ᠵᠢᠷᠦᠬᠡ ᠶᠢ ᠬᠠᠮᠠᠭᠠᠯᠠᠬᠤ ᠶᠢᠨ ᠵᠠᠩᠭᠢᠯᠠᠭ᠎ᠠ | ᠨᠢ ᠴᠢᠰᠤᠨ ᠳᠠᠷᠤᠯᠲᠠ ᠶᠢ ᠬᠢᠵᠠᠭᠠᠷᠯᠠᠬᠤ ᠶᠠᠪᠤᠳᠠᠯ ᠪᠣᠯᠣᠨ᠎ᠠ ᠃ | 3.ᠲᠠᠮᠠᠬᠢ ᠪᠠᠨ ᠵᠣᠭᠰᠣᠬᠤ ᠬᠡᠷᠡᠭᠲᠡᠢ ᠃ ᠬᠡᠳᠦᠢ ᠨᠠᠰᠤ ᠲᠠᠢ ᠴᠤ ᠬᠠᠮᠢᠶ᠎ᠠ ᠦᠭᠡᠢ ᠤᠷᠲᠤ ᠬᠤᠭᠤᠴᠠᠭ᠎ᠠ ᠪᠠᠷ | ᠲᠠᠮᠠᠬᠢ ᠲᠠᠲᠠᠪᠠᠯ ᠵᠢᠷᠦᠬᠡᠨ ᠪᠤᠯᠴᠢᠩ ᠤᠨ ᠲᠦᠭᠵᠢᠷᠡᠯ ᠤᠨ ᠲᠦᠭᠰᠢᠭᠦᠷᠢ ᠶᠢ 7 ᠳᠠᠬᠢᠨ ᠨᠡᠮᠡᠭᠳᠡᠭᠦᠯᠳᠡᠭ ᠃ | ᠡᠶᠢᠮᠦ ᠠᠴᠠ ᠂ ᠵᠢᠷᠦᠬᠡᠨ ᠤ ᠪᠠᠨ ᠡᠷᠡᠭᠦᠯ ᠮᠡᠨᠳᠦ ᠶᠢᠨ ᠲᠥᠯᠥᠭᠡ ᠬᠡᠵᠢᠶ᠎ᠡ ᠲᠠᠮᠠᠬᠢ ᠪᠠᠨ ᠵᠣᠭᠰᠣᠭᠰᠠᠨ ᠴᠤ | ᠣᠷᠦ᠋ᠢᠲᠠᠬᠤ ᠦᠭᠡᠢ ᠂ ᠪᠠᠰᠠ ᠬᠠᠭᠤᠴᠢᠨ ᠲᠠᠮᠠᠬᠢ ᠲᠠᠲᠠᠬᠤ ᠠᠴᠠ ᠵᠠᠶᠢᠯᠠᠰᠬᠢᠬᠦ ᠬᠡᠷᠡᠭᠲᠡᠢ ᠃ | 4.ᠵᠣᠬᠢᠬᠤ ᠬᠡᠮᠵᠢᠶᠡᠨ ᠤ ᠬᠦᠴᠢᠯᠲᠥ᠋ᠷᠥᠭᠴᠢᠲᠦ ᠬᠥᠳᠡᠯᠭᠡᠭᠡᠨ ᠬᠢᠬᠦ ᠬᠡᠷᠡᠭᠲᠡᠢ ᠃ ᠬᠦᠴᠢᠯᠲᠥ᠋ᠷᠥᠭᠴᠢᠲᠦ | ᠬᠥᠳᠡᠯᠭᠡᠭᠡᠨ ᠨᠢ ᠵᠢᠷᠦᠬᠡ ᠠᠭᠤᠰᠬᠢᠨ ᠤ ᠠᠵᠢᠯᠯᠠᠭ᠎ᠠ ᠶᠢ ᠳᠡᠭᠡᠭᠰᠢᠯᠡᠭᠦᠯᠵᠦ ᠂ ᠵᠢᠷᠦᠬᠡᠨ ᠪᠤᠯᠴᠢᠩ ᠳᠤ ᠭᠦᠢᠴᠡᠳ | ᠬᠦᠴᠢᠯᠲᠥ᠋ᠷᠥᠭᠴᠢ ᠬᠠᠩᠭᠠᠵᠤ ᠂ ᠵᠢᠷᠦᠬᠡᠨ ᠤ ᠡᠷᠡᠭᠦᠯ ᠮᠡᠨᠳᠦ ᠶᠢ ᠬᠠᠮᠠᠭᠠᠯᠠᠳᠠᠭ ᠃ ᠠᠭᠠᠵᠢᠮ ᠭᠦᠶᠦᠬᠦ᠂ ᠬᠤᠷᠳᠤᠨ | ᠠᠯᠬᠤᠬᠤ ᠂ ᠳᠤᠭᠤᠢ ᠤᠨᠤᠬᠤ ᠂ ᠤᠮᠪᠠᠭᠤ ᠂ ᠪᠥᠮᠪᠦᠭᠡ ᠨᠠᠭᠠᠳᠬᠤ ᠂ ᠨᠡᠷᠡᠬᠦᠢ ᠨᠢᠳᠤᠷᠭ᠎ᠠ ᠂ ᠨᠠᠢᠮᠠᠲᠤ ᠬᠥᠳᠡᠯᠭᠡᠭᠡᠨ | ᠵᠡᠷᠭᠡ ᠶᠢ ᠬᠢᠭᠡᠷᠡᠢ ᠃ | 5.ᠬᠡᠲᠦᠷᠡᠲᠡᠯ᠎ᠡ ᠢᠳᠡᠵᠦ ᠤᠤᠭᠤᠵᠤ ᠪᠣᠯᠬᠤ ᠦᠭᠡᠢ ᠃ ᠰᠤᠳᠤᠯᠭᠠᠨ ᠠᠴᠠ ᠦᠵᠡᠪᠡᠯ ᠂ ᠬᠡᠲᠦᠷᠡᠲᠡᠯ᠎ᠡ | ᠢᠳᠡᠵᠦ ᠤᠤᠭᠤᠭᠰᠠᠨ ᠬᠤᠶᠠᠷ ᠴᠠᠭ ᠤᠨ ᠳᠣᠲᠣᠷ᠎ᠠ ᠵᠢᠷᠦᠬᠡ ᠴᠢᠰᠤᠨ ᠰᠤᠳᠠᠯ ᠤᠨ ᠡᠪᠡᠳᠴᠢᠨ ᠡᠮᠭᠡᠭ ᠤᠨ | ᠲᠦᠭᠰᠢᠭᠦᠷᠢ 4 ᠳᠠᠬᠢᠨ ᠳᠡᠭᠡᠭᠰᠢᠯᠡᠳᠡᠭ ᠂ ᠶᠡᠭᠡ ᠬᠡᠮᠵᠢᠶ᠎ᠡ ᠪᠠᠷ ᠠᠷᠢᠬᠢ ᠤᠤᠭᠤᠬᠤ ᠪᠤᠶᠤ ᠥᠭᠡᠬᠦ ᠶᠡᠬᠡᠲᠡᠢ ᠢᠳᠡᠭᠡᠨ | ᠢᠳᠡᠪᠡᠯ ᠴᠢᠰᠤᠨ ᠤ ᠥᠭᠡᠬᠦ ᠶᠢ ᠥᠨᠳᠥᠷᠵᠢᠭᠦᠯᠵᠦ ᠂ ᠴᠢᠰᠤ ᠶᠢ ᠥᠳᠬᠡᠷᠡᠭᠦᠯᠵᠦ ᠂ ᠵᠢᠷᠦᠬᠡᠨ ᠪᠤᠯᠴᠢᠩ ᠤᠨ | ᠲᠦᠭᠵᠢᠷᠡᠯ ᠤᠨ ᠲᠦᠭᠰᠢᠭᠦᠷᠢ ᠶᠢ ᠨᠡᠮᠡᠭᠳᠡᠭᠦᠯᠳᠡᠭ ᠃ ᠡᠶᠢᠮᠦ ᠠᠴᠠ ᠢᠳᠡᠭᠡᠨ ᠤᠮᠳᠠᠭᠠᠨ ᠤ ᠬᠡᠪ ᠤᠨ ᠳᠠᠳᠬᠠᠯ ᠢ | ᠪᠠᠷᠢᠮᠲᠠᠯᠠᠵᠤ ᠂ ᠰᠢᠮ᠎ᠡ ᠲᠡᠵᠢᠭᠡᠯ ᠢᠶᠠᠨ ᠲᠡᠩᠴᠡᠭᠦᠯᠦᠨ ᠂ ᠢᠯᠴᠢ ᠶᠢ ᠬᠢᠵᠠᠭᠠᠷᠯᠠᠵᠤ ᠂ ᠬᠡᠲᠦᠷᠡᠲᠡᠯ᠎ᠡ ᠢᠳᠡᠵᠦ | ᠤᠤᠭᠤᠵᠤ ᠪᠣᠯᠬᠤ ᠦᠭᠡᠢ ᠃ | |