ᠨᠢᠭᠡ ᠂ ᠪᠣᠷᠳᠣᠭᠤᠷ ᠣᠷᠣᠭᠤᠯᠬᠤ | ᠲᠡᠵᠢᠭᠡᠯ ᠡᠪᠡᠰᠦᠨ ᠤ ᠤᠷᠭᠤᠯᠲᠠ ᠳᠤ ᠭᠦᠢᠴᠡᠳ ᠬᠡᠮᠵᠢᠶᠡᠨ ᠤ ᠰᠢᠮ᠎ᠡ ᠲᠡᠵᠢᠭᠡᠯ ᠬᠡᠷᠡᠭᠰᠡᠳᠡᠭ ᠲᠤᠯᠠ | ᠲᠡᠵᠢᠭᠡᠯ ᠡᠪᠡᠰᠦᠨ ᠤ ᠪᠣᠷᠳᠣᠭᠤᠷ ᠬᠡᠷᠡᠭᠰᠡᠬᠦ ᠣᠨᠴᠠᠯᠢᠭ ᠪᠠ ᠬᠥᠷᠥᠰᠥᠨ ᠤ ᠰᠢᠮ᠎ᠡ ᠲᠡᠵᠢᠭᠡᠯ ᠤᠨ ᠪᠠᠶᠢᠳᠠᠯ ᠢ | ᠦᠨᠳᠦᠰᠦᠯᠡᠨ ᠵᠣᠬᠢᠰᠲᠠᠢ ᠪᠣᠷᠳᠣᠭᠤᠷ ᠣᠷᠣᠭᠤᠯᠵᠤ ᠂ ᠲᠡᠵᠢᠭᠡᠯ ᠡᠪᠡᠰᠦᠨ ᠤ ᠤᠷᠭᠤᠯᠲᠠ ᠶᠢᠨ ᠶᠠᠪᠤᠴᠠ ᠳᠠᠬᠢ | ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠨ᠎ᠠ ᠃ | ᠬᠤᠶᠠᠷ ᠂ ᠡᠪᠡᠰᠦ ᠠᠷᠢᠯᠭᠠᠭᠴᠢ ᠶᠢ ᠬᠡᠷᠡᠭᠯᠡᠬᠦ | ᠲᠡᠵᠢᠭᠡᠯ ᠡᠪᠡᠰᠦᠨ ᠤ ᠤᠷᠭᠤᠯᠲᠠ ᠶᠢᠨ ᠪᠠᠶᠢᠳᠠᠯ ᠪᠠ ᠪᠤᠵᠠᠷ ᠡᠪᠡᠰᠦᠨ ᠤ ᠤᠷᠭᠤᠯᠲᠠ ᠶᠢᠨ ᠬᠡᠮᠵᠢᠶ᠎ᠡ ᠶᠢ | ᠦᠨᠳᠦᠰᠦᠯᠡᠵᠦ ᠂ ᠡᠪᠡᠰᠦ ᠠᠷᠢᠯᠭᠠᠭᠴᠢ ᠶᠢ ᠵᠣᠬᠢᠰᠲᠠᠢ ᠬᠡᠷᠡᠭᠯᠡᠵᠦ ᠂ ᠪᠤᠵᠠᠷ ᠡᠪᠡᠰᠦᠨ ᠤ ᠤᠷᠭᠤᠯᠲᠠ ᠶᠢ | ᠬᠢᠵᠠᠭᠠᠷᠯᠠᠨ᠎ᠠ ᠃ | ᠭᠤᠷᠪᠠ ᠂ ᠲᠠᠷᠢᠶᠠᠯᠠᠬᠤ ᠠᠷᠭ᠎ᠠ | ᠵᠦᠢ ᠵᠣᠬᠢᠰᠲᠠᠢ ᠲᠠᠷᠢᠶᠠᠯᠠᠬᠤ ᠠᠷᠭ᠎ᠠ ᠪᠠᠷ᠂ ᠵᠢᠱᠢᠶᠡᠯᠡᠪᠡᠯ ᠳᠤᠮᠳᠠ ᠵᠡᠷᠭᠡ ᠶᠢᠨ ᠲᠠᠷᠢᠶᠠᠯᠠᠭ᠎ᠠ ᠂ ᠭᠦᠨ | ᠵᠡᠷᠭᠡ ᠶᠢᠨ ᠲᠠᠷᠢᠶᠠᠯᠠᠭ᠎ᠠ ᠪᠠᠷ ᠳᠠᠮᠵᠢᠭᠤᠯᠤᠨ ᠪᠤᠵᠠᠷ ᠡᠪᠡᠰᠦᠨ ᠤ ᠤᠷᠭᠤᠯᠲᠠ ᠶᠢ ᠪᠦᠲᠦᠮᠵᠢᠲᠡᠶ ᠪᠠᠷ ᠬᠢᠵᠠᠭᠠᠷᠯᠠᠵᠤ | ᠴᠢᠳᠠᠬᠤ ᠶᠢᠨ ᠬᠠᠮᠲᠤ ᠲᠡᠵᠢᠭᠡᠯ ᠡᠪᠡᠰᠦᠨ ᠤ ᠴᠢᠨᠠᠷ ᠴᠢᠨᠰᠠᠭ᠎ᠠ ᠪᠠ ᠤᠨᠠᠯᠲᠠ ᠶᠢ ᠳᠡᠭᠡᠭᠰᠢᠯᠡᠭᠦᠯᠬᠦ ᠳᠤ ᠠᠰᠢᠭᠲᠠᠢ | ᠪᠠᠶᠢᠳᠠᠭ ᠃ | ᠳᠥᠷᠪᠡ ᠂ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ | ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ | ᠡᠪᠡᠳᠴᠢᠨ ᠬᠤᠷᠣᠬᠠᠢ ᠶᠢᠨ ᠬᠥᠨᠥᠭᠡᠯ ᠢ ᠴᠠᠭ ᠲᠤᠬᠠᠢ ᠳᠤᠨᠢ ᠢᠯᠡᠷᠡᠭᠦᠯᠵᠦ ᠂ ᠰᠡᠷᠭᠡᠶᠢᠯᠡᠨ ᠵᠠᠰᠠᠬᠤ ᠠᠵᠢᠯ ᠳᠤ | ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ ᠃ ᠲᠥᠷᠥᠯᠬᠢ ᠳᠠᠶᠢᠰᠤᠨ ᠂ ᠮᠢᠺᠷᠣᠪ ᠵᠡᠷᠭᠡ ᠠᠮᠢᠳᠤ ᠪᠣᠳᠠᠰ ᠤᠨ | ᠠᠷᠭ᠎ᠠ ᠪᠠᠷ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢᠨ ᠬᠠᠮᠲᠤ ᠪᠠᠰᠠ ᠬᠢᠮᠢ ᠶᠢᠨ ᠲᠠᠷᠢᠶᠠᠨ | ᠡᠮ ᠢᠶᠠᠷ ᠰᠡᠷᠭᠡᠶᠢᠯᠡᠨ ᠵᠠᠰᠠᠵᠤ ᠪᠣᠯᠣᠨ᠎ᠠ ᠃ ᠭᠡᠪᠡᠴᠦ ᠬᠡᠷᠡᠭᠯᠡᠬᠦ ᠠᠷᠭ᠎ᠠ ᠪᠠ ᠬᠡᠮᠵᠢᠶ᠎ᠡ ᠶᠢ ᠠᠩᠬᠠᠷᠴᠤ ᠂ ᠲᠡᠵᠢᠭᠡᠯ | ᠡᠪᠡᠰᠦ ᠪᠠ ᠣᠷᠴᠢᠨ ᠲᠣᠭᠤᠷᠢᠨ ᠳᠤ ᠮᠠᠭᠤ ᠨᠥᠯᠥᠭᠡ ᠪᠣᠯᠬᠤ ᠠᠴᠠ ᠵᠠᠶᠢᠯᠠᠰᠬᠢᠬᠦ ᠬᠡᠷᠡᠭᠲᠡᠢ ᠃ | ᠲᠠᠪᠤ ᠂ ᠬᠤᠷᠢᠶᠠᠯᠲᠠ ᠶᠢᠨ ᠴᠠᠭ ᠬᠤᠭᠤᠴᠠᠭ᠎ᠠ | ᠬᠤᠷᠢᠶᠠᠯᠲᠠ ᠶᠢᠨ ᠴᠠᠭ ᠬᠤᠭᠤᠴᠠᠭ᠎ᠠ ᠶᠢ ᠡᠵᠡᠮᠰᠢᠵᠦ ᠂ ᠲᠡᠵᠢᠭᠡᠯ ᠡᠪᠡᠰᠦᠨ ᠤ ᠬᠤᠷᠢᠶᠠᠯᠲᠠ ᠶᠢᠨ ᠴᠠᠭ | ᠬᠤᠭᠤᠴᠠᠭ᠎ᠠ ᠨᠢ ᠲᠡᠭᠦᠨ ᠤ ᠥᠰᠦᠯᠲᠡ ᠶᠢᠨ ᠱᠠᠲᠤ ᠦᠶ᠎ᠡ ᠪᠠ ᠬᠡᠷᠡᠭᠴᠡᠭᠡ ᠪᠠᠷ ᠲᠣᠭᠲᠠᠭᠠᠭᠳᠠᠨ᠎ᠠ ᠃ ᠡᠩ ᠤᠨ | ᠪᠠᠶᠢᠳᠠᠯ ᠳᠤ ᠠᠪᠴᠤ ᠬᠡᠯᠡᠪᠡᠯ ᠂ ᠲᠡᠵᠢᠭᠡᠯ ᠡᠪᠡᠰᠦ ᠤᠷᠭᠤᠭᠠᠳ ᠬᠡᠷᠡᠭᠯᠡᠬᠦ ᠳᠤ ᠬᠠᠮᠤᠭ ᠤᠨ ᠲᠣᠬᠢᠷᠠᠮᠵᠢᠲᠠᠢ ᠪᠣᠯᠬᠤ | ᠦᠶ᠎ᠡ ᠳᠤ ᠂ ᠡᠰᠡᠬᠦᠯ᠎ᠡ ᠲᠡᠵᠢᠭᠡᠯ ᠡᠪᠡᠰᠦ ᠶᠢᠨ ᠴᠡᠴᠡᠭᠯᠡᠬᠦ ᠬᠤᠭᠤᠴᠠᠭᠠᠨ ᠳᠤ ᠬᠠᠮᠤᠭ ᠤᠨ ᠰᠠᠶᠢᠨ ᠬᠤᠷᠢᠶᠠᠯᠲᠠ ᠶᠢᠨ | ᠴᠠᠭ ᠪᠣᠯᠣᠨ᠎ᠠ ᠃ ᠡᠭᠦᠨ ᠤ ᠬᠠᠮᠲᠤ ᠲᠡᠵᠢᠭᠡᠯ ᠡᠪᠡᠰᠦᠨ ᠤ ᠪᠦᠷᠢᠨ ᠪᠦᠲᠦᠨ ᠴᠢᠨᠠᠷ ᠢ ᠪᠠᠲᠤᠯᠠᠬᠤ ᠶᠢ ᠠᠩᠬᠠᠷᠴᠤ᠂ | ᠲᠡᠵᠢᠭᠡᠯ ᠡᠪᠡᠰᠦᠨ ᠤ ᠰᠢᠮ᠎ᠡ ᠲᠡᠵᠢᠭᠡᠯ ᠤᠨ ᠪᠦᠷᠢᠯᠳᠦᠭᠦᠨ ᠢ ᠡᠪᠳᠡᠬᠦ ᠠᠴᠠ ᠵᠠᠶᠢᠯᠠᠰᠬᠢᠬᠦ ᠬᠡᠷᠡᠭᠲᠡᠢ ᠃ | |