ᠮᠠᠶᠢᠰᠢᠨ ᠪᠠᠯᠭᠠᠰᠤ ᠣᠯᠠᠨ ᠲᠠᠯ᠎ᠠ ᠶᠢᠨ ᠬᠢᠨ ᠲᠠᠢ ᠭᠠᠷ ᠬᠤᠯᠪᠣᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠠᠬᠢᠭᠤᠯᠪᠠ
ᠨᠡᠶᠢᠲᠡᠯᠡᠭᠰᠡᠨ ᠴᠠᠭ᠄
2025/4/11
b0e006935579d1b1170d95689f7e0c38_W020250411335439188588.png
      ᠣᠶᠢᠷ᠎ᠠ ᠳᠤ᠂ ᠳᠤᠮᠳᠠᠳᠤ ᠤᠯᠤᠰ ᠤᠨ ᠰᠣᠶᠣᠯ ᠤᠨ ᠵᠠᠭᠤᠴᠢᠯᠠᠭᠤᠷ ᠤᠨ ᠪᠦᠯᠦᠭᠯᠡᠯ ᠤᠨ ᠵᠥᠩ ᠴᠤᠸᠠᠨ ᠰᠣᠶᠣᠯ ᠵᠢᠭᠤᠯᠴᠢᠯᠠᠯ᠂ ᠲᠢᠶᠠᠨ ᠰᠢᠶᠠ ᠰᠢᠩ ᠨᠥᠩ ᠰᠣᠶᠣᠯ ᠵᠢᠭᠤᠯᠴᠢᠯᠠᠯ  ᠤᠨ ᠬᠥᠭᠵᠢᠯᠲᠡ ︵ᠪᠡᠭᠡᠵᠢᠩ︶  ᠶᠢᠨ ᠬᠢᠵᠠᠭᠠᠷᠲᠤ ᠺᠣᠮᠫᠠᠨᠢ᠂ ᠪᠡᠭᠡᠵᠢᠩ  ᠤᠨ ᠵᠢᠶᠠ ᠮᠦ ᠴᠢᠩ ᠡᠾᠧ ᠵᠢᠭᠤᠯᠴᠢᠯᠠᠯ ᠤᠨ ᠲᠥᠯᠥᠪᠵᠢᠭᠦᠯᠭᠡ  ᠶᠢᠨ ᠵᠢᠷᠤᠭ ᠲᠥᠯᠥᠪᠯᠡᠭᠡᠨ  ᠤ ᠬᠦᠷᠢᠶᠡᠯᠡᠩ  ᠤᠨ ᠬᠠᠮᠢᠶ᠎ᠠ ᠪᠦᠬᠦᠢ ᠪᠦᠯᠬᠦᠮ ᠮᠠᠶᠢᠰᠢᠨ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ ᠮᠠᠶᠢᠰᠢᠨ ᠤ ᠬᠤᠪᠢᠰᠬᠠᠯᠲᠤ ᠰᠣᠶᠣᠯ ᠵᠢᠭᠤᠯᠴᠢᠯᠠᠯ ᠤᠨ ᠭᠤᠤᠯ ᠰᠡᠳᠦᠪᠲᠦ ᠦᠵᠡᠮᠵᠢ  ᠶᠢᠨ ᠣᠷᠣᠨ ᠤ ᠵᠢᠷᠤᠭ ᠲᠥᠯᠥᠪᠯᠡᠭᠡ ᠶᠢᠨ ᠲᠥᠰᠦᠯ ᠵᠡᠷᠭᠡ ᠶᠢᠨ ᠲᠣᠭᠤᠷᠢᠨ ᠳᠤ ᠭᠦᠨᠵᠡᠭᠡᠶ ᠰᠣᠯᠢᠯᠴᠠᠵᠤ᠂ ᠦᠵᠡᠮᠵᠢ ᠶᠢᠨ ᠣᠷᠣᠨ ᠤ ᠣᠷᠣᠨ ᠵᠠᠶ ᠶᠢᠨ ᠪᠠᠶᠢᠷᠢᠰᠢᠭᠤᠯᠤᠯᠲᠠ᠂ ᠬᠤᠪᠢᠰᠬᠠᠯ ᠤᠨ ᠰᠣᠶᠣᠯ ᠤᠨ ᠡᠯᠧᠮᠧᠨ᠋ᠲ ᠢ ᠠᠭᠤᠰᠤᠯᠴᠠᠭᠤᠯᠬᠤ ᠠᠷᠭ᠎ᠠ ᠮᠠᠶ᠋ᠢᠭ ᠵᠢᠴᠢ ᠵᠢᠭᠤᠯᠴᠢᠯᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠲᠥᠯᠥᠪᠵᠢᠭᠦᠯᠭᠡ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠵᠣ᠂ ᠮᠠᠶᠢᠰᠢᠨ ᠪᠠᠯᠭᠠᠰᠤᠨ ᠤ ᠰᠣᠶᠣᠯ ᠵᠢᠭᠤᠯᠴᠢᠯᠠᠯ  ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠭᠤᠷᠢ ᠲᠠᠯᠪᠢᠪᠠ᠃ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号