ᠰᠦ᠋ ᠰᠢ ᠹᠦ᠋ ᠮᠠᠨ ᠤ ᠰᠢᠶᠠᠨ ᠳᠤ ᠢᠷᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠣᠯᠣᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠤᠰᠬᠠᠶ ᠠᠵᠢᠯᠯᠠᠭ᠎ᠠ ᠪᠠ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠢ ᠲᠥᠪᠯᠡᠷᠡᠭᠦᠯᠦᠨ ᠴᠡᠭᠴᠡᠯᠡᠨ ᠵᠠᠰᠠᠵᠤ ᠬᠢᠨᠠᠨ ᠵᠢᠯᠣᠭᠤᠳᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/4/11
      4 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠶᠠᠳᠤᠭᠠᠷ ᠳᠡᠰ  ᠤᠨ ᠲᠣᠭᠤᠷᠢᠨ ᠪᠠᠶᠢᠴᠠᠭᠠᠭᠴᠢ ᠰᠤ᠋ ᠰᠢ ᠹᠦ᠋ ᠨᠡᠷ ᠮᠠᠨ ᠤ ᠰᠢᠶᠠᠨ ᠳᠤ ᠢᠷᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠣᠯᠣᠨ ᠠᠮᠢ ᠠᠬᠤᠶ ᠣᠷᠴᠢᠨ ᠲᠣᠭᠤᠷᠢᠨ  ᠤ ᠬᠦᠷᠢᠶᠡᠨ ᠳᠠᠬᠢ ᠲᠤᠰᠬᠠᠶ ᠠᠵᠢᠯᠯᠠᠭ᠎ᠠ ᠪᠠ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ  ᠠᠴᠠ ᠵᠥᠷᠢᠴᠡᠭᠰᠡᠨ ᠢ ᠲᠥᠪᠯᠡᠷᠡᠭᠦᠯᠦᠨ ᠴᠡᠭᠴᠡᠯᠡᠨ ᠵᠠᠰᠠᠵᠤ ᠬᠢᠨᠠᠨ ᠵᠢᠯᠣᠭᠤᠳᠬᠤ ᠠᠵᠢᠯ ᠢ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠶᠣᠤ᠂ ᠰᠢᠶᠠᠨ ᠤ ᠤᠳᠤᠷᠢᠳᠤᠯᠭ᠎ᠠ ᠶᠠᠩ ᠡᠾᠦ᠋ᠢ ᠮᠢᠨ᠂ ᠼᠦᠢ ᠪᠦᠦ ᠯᠠᠢ᠂ ᠴᠠᠩ ᠯᠢᠶᠠᠩ᠂ ᠴᠢᠨ ᠰᠢᠶᠤᠤ ᠮᠢᠩ ᠣᠷᠣᠯᠴᠠᠪᠠ᠃
528729358547361caf46a0b08c8fbf9c_W020250411339593154035.png
      ᠰᠦ᠋ ᠰᠢ ᠹᠦ᠋ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ  ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠯᠪᠣᠭᠳᠠᠯ ᠪᠥᠬᠦᠶ ᠪᠠᠶᠢᠳᠠᠯ  ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠰᠢᠶᠠᠨ ᠤ ᠠᠵᠢᠯ ᠢ ᠨᠤᠲᠠᠯᠠᠪᠠ᠃ ᠲᠡᠷᠡ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ  ᠪᠠᠨ ᠳᠡᠭᠡᠭᠰᠢᠯᠡᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠣᠯᠣᠨ ᠠᠮᠢ ᠠᠬᠤᠶ ᠣᠷᠴᠢᠨ ᠲᠣᠭᠤᠷᠢᠨ  ᠤ ᠬᠦᠷᠢᠶᠡᠨ  ᠳᠠᠬᠢ ᠲᠤᠰᠬᠠᠶ ᠠᠵᠢᠯᠯᠠᠭ᠎ᠠ ᠥᠷᠨᠢᠭᠦᠯᠬᠦ ᠪᠠ ᠣᠶ ᠰᠢᠭᠤᠶ ᠡᠪᠡᠰᠦ ᠪᠡᠯᠴᠢᠭᠡᠷ  ᠢ ᠡᠪᠳᠡᠵᠦ ᠲᠣᠭᠲᠠᠭᠠᠯ  ᠠᠴᠠ ᠵᠥᠷᠢᠴᠡᠨ ᠬᠠᠤᠯᠢ  ᠠᠴᠠ ᠵᠥᠷᠢᠴᠡᠨ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠲᠦᠢᠯ ᠤᠨ ᠴᠢᠬᠤᠯᠠ ᠴᠢᠨᠠᠷ  ᠢ ᠭᠦᠨᠵᠡᠭᠡᠶ ᠲᠠᠨᠢᠵᠤ᠂ ᠣᠶ ᠰᠢᠭᠤᠶ ᠡᠪᠡᠰᠦ ᠪᠡᠯᠴᠢᠭᠡᠷ  ᠤᠨ ᠡᠬᠢ ᠪᠠᠶᠠᠯᠢᠭ  ᠤᠨ ᠬᠠᠮᠠᠭᠠᠯᠠᠯᠲᠠ ᠬᠠᠮᠢᠶᠠᠷᠤᠯᠲᠠ  ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠵᠤ᠂ ᠣᠶ ᠰᠢᠭᠤᠶ ᠨᠤᠲᠤᠭ ᠪᠡᠯᠴᠢᠭᠡᠷ  ᠤᠨ ᠡᠬᠢ ᠪᠠᠶᠠᠯᠢᠭ  ᠤᠨ ᠬᠠᠮᠠᠭᠠᠯᠠᠯᠲᠠ ᠬᠠᠮᠢᠶᠠᠷᠤᠯᠲᠠ  ᠶᠢᠨ ᠲᠣᠪᠤᠶᠢᠮ᠎ᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠪᠲᠤᠯᠵᠤ᠂ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠶᠠᠪᠤᠳᠠᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠪᠥᠬᠦ ᠰᠢᠶᠠᠨ  ᠤ ᠬᠦᠴᠦᠨ ᠢ ᠳᠠᠶᠢᠴᠢᠯᠠᠨ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠤᠳᠠᠭᠠᠨ ᠳᠠᠭᠠᠭᠠᠮᠠᠭᠠᠶ ᠠᠵᠢᠯᠯᠠᠭᠠᠨ ᠳᠤ ᠴᠣᠬᠢᠯᠲᠠ ᠥᠭᠴᠦ᠂ ᠬᠢᠯᠪᠠᠷ ᠪᠤᠰᠤ  ᠪᠠᠷ ᠢᠷᠡᠭᠰᠡᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠰᠠᠶᠢᠲᠤᠷ ᠪᠠᠬᠢᠵᠢᠭᠦᠯᠬᠦ ᠬᠡᠷᠡᠭᠲᠡᠶ᠃ ᠤᠬᠠᠭᠤᠯᠭ᠎ᠠ ᠬᠥᠮᠦᠵᠢᠯ ᠢ ᠪᠣᠳᠠᠲᠠᠶ ᠠᠳᠬᠤᠵᠤ᠂ ᠬᠠᠤᠯᠢ ᠴᠠᠭᠠᠵᠠ  ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ  ᠢᠶᠠᠨ ᠴᠢᠩᠭᠠᠷᠠᠭᠤᠯᠵᠤ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠬᠠᠮᠢᠶ᠎ᠠ ᠪᠥᠬᠦᠶ ᠲᠥᠷᠥ  ᠶᠢᠨ ᠪᠣᠳᠣᠯᠭ᠎ᠠ᠂ ᠲᠦᠷᠢᠮ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ ᠂ ᠣᠯᠠᠨ ᠲᠦᠮᠡᠨ ᠤ ᠠᠮᠢ ᠠᠬᠤᠶ  ᠶᠢ ᠬᠠᠮᠠᠭᠠᠯᠠᠬᠤ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠬᠦ ᠬᠡᠷᠡᠭᠲᠡᠶ᠃      ᠸᠠᠩ ᠹᠧᠩ ᠰᠧᠨ ᠣᠪᠣᠷ ᠢᠶᠠᠨ ᠢᠯᠡᠳᠬᠡᠬᠦ ᠶᠠᠷᠢᠶᠠᠨ ᠳᠠᠭᠠᠨ ᠬᠡᠯᠡᠭᠰᠡᠨ ᠨᠢ᠂ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ  ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ  ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠪᠠᠶᠢᠴᠠᠭᠠᠬᠤ᠂ ᠥᠭᠡᠷᠡᠴᠢᠯᠡᠬᠦ᠂ ᠰᠡᠷᠭᠡᠶᠢᠯᠡᠬᠦ᠂ ᠵᠠᠰᠠᠬᠤ︾ ᠬᠠᠮ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ  ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢᠴᠢ ᠪᠡᠶᠡᠯᠡᠭᠦᠯᠦᠭᠡ ᠦᠭᠡᠢ ᠵᠢᠷᠤᠭ ᠤᠨ ᠲᠣᠯᠪᠤ ᠶᠢ ᠴᠡᠭᠴᠡᠯᠡᠨ ᠵᠠᠰᠠᠬᠤ ᠠᠬᠢᠴᠠ ᠶᠢ ᠲᠦᠷᠭᠡᠳᠬᠡᠨ ᠠᠬᠢᠭᠤᠯᠵᠤ᠂ ᠤᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ  ᠠᠴᠠ ᠵᠥᠷᠢᠴᠡᠭᠰᠡᠨ ᠦᠢᠯᠡ ᠠᠵᠢᠯᠯᠠᠭ᠎ᠠ  ᠶᠢ ᠵᠢᠭᠰᠠᠭᠠᠨ ᠪᠠᠶᠢᠴᠠᠭᠠᠬᠤ ᠪᠠ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠳᠤ ︽ᠥᠴᠦᠬᠡᠨ ᠴᠦ ᠠᠭᠤᠴᠢᠯᠠᠬᠤ ᠦᠭᠡᠢ︾ ᠥᠨᠳᠥᠷ ᠳᠠᠷᠤᠯᠲᠠᠲᠤ ᠬᠠᠤᠯᠢ ᠬᠡᠷᠡᠭᠵᠢᠭᠦᠯᠬᠦ ᠪᠠᠶᠢᠳᠠᠯ ᠢ ᠪᠠᠲᠤᠯᠠᠵᠤ᠂ ᠤᠢ ᠰᠢᠭᠤᠢ ᠨᠤᠲᠤᠭ ᠪᠡᠯᠴᠢᠭᠡᠷ  ᠢ ᠡᠪᠳᠡᠭᠰᠡᠨ ᠬᠠᠤᠯᠢ  ᠠᠴᠠ ᠵᠥᠷᠢᠴᠡᠭᠰᠡᠨ ᠦᠢᠯᠡ ᠠᠵᠢᠯᠯᠠᠭ᠎ᠠ  ᠶᠢ ᠡᠷᠡᠰ ᠬᠤᠷᠢᠭᠯᠠᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ  ᠶᠢᠨ ᠦᠷ᠎ᠡ ᠪᠦᠲᠦᠭᠡᠯ ᠢ ᠦᠨᠡᠨ ᠬᠦᠩ ᠰᠠᠶᠢᠲᠤᠷ ᠬᠠᠮᠠᠭᠠᠯᠠᠬᠤ ᠬᠡᠷᠡᠭᠲᠡᠢ᠃ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号