ᠺᠠᠶᠢᠯᠦ ᠪᠠᠯᠭᠠᠰᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/4/16
cfa98cd3ed3749cbc2019971758ad72a_W020250416368439403050.png
      ᠣᠶᠢᠷ᠎ᠠ ᠳᠤ᠂ ᠺᠠᠶᠢᠯᠦ ᠪᠠᠯᠭᠠᠰᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠪᠡ᠃ ᠪᠠᠯᠭᠠᠰᠤᠨ ᠤ ᠬᠥᠳᠡᠯᠦᠩᠭᠦᠶ ᠰᠡᠷᠭᠡᠶᠢᠯᠡᠯᠲᠡ ᠶᠢᠨ ᠥᠷᠲᠡᠭᠡᠨ ᠤ ᠠᠵᠢᠯᠲᠠᠳ ᠬᠠᠷᠢᠶᠠᠲᠤ ᠣᠷᠣᠨ ᠤ ᠡᠯ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠬᠦᠷᠴᠦ᠂ ᠠᠶᠤᠯᠭᠦᠶ ᠦᠢᠯᠡᠳᠪᠦᠷᠢᠯᠡᠯ᠂ ᠠᠮᠢᠲᠠᠨ ᠢ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠡᠬᠡ ᠲᠠᠩᠰᠠ ᠪᠠ ᠬᠢᠵᠢᠭ ᠡᠪᠡᠳᠴᠢᠨ  ᠢ ᠰᠡᠷᠭᠡᠶᠢᠯᠡᠨ ᠡᠵᠡᠮᠳᠡᠬᠦ᠂ ᠡᠪᠡᠳᠴᠢᠨ  ᠢᠶᠠᠷ ᠥᠭᠦᠭᠰᠡᠨ ᠠᠮᠢᠲᠠᠨ  ᠢ ᠬᠤᠤᠷ ᠥᠬᠡᠶᠢᠳᠡᠭᠦᠯᠦᠨ ᠰᠢᠢᠳᠪᠦᠷᠢᠯᠡᠬᠦ ᠵᠡᠷᠭᠡ ᠲᠠᠯ᠎ᠠ ᠶᠢᠨ ᠪᠠᠶᠢᠳᠠᠯ  ᠢ ᠬᠢᠨᠠᠮᠠᠭᠠᠶ ᠪᠠᠶᠢᠴᠠᠭᠠᠪᠠ᠃ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠱᠠᠭᠠᠷᠳᠠᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠯ ᠵᠢᠭᠦᠷᠲᠡᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号