ᠪᠥᠬᠦ ᠰᠢᠶᠠᠨ ᠤ ᠪᠠᠷᠢᠮᠵᠢᠶᠠᠵᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠡᠬᠢᠯᠡᠯᠲᠡ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/16
      4 ᠰᠠᠷ᠎ᠠ ᠶᠢᠨ 15 ᠤ ᠡᠳᠦᠷ᠂ ᠪᠥᠬᠦ ᠰᠢᠶᠠᠨ ᠤ ᠪᠠᠷᠢᠮᠵᠢᠶᠠᠵᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠡᠬᠢᠯᠡᠯᠲᠡ  ᠶᠢᠨ ᠶᠡᠭᠡ ᠬᠤᠷᠠᠯ ᠬᠤᠷᠠᠯᠳᠤᠵᠤ᠂ ᠪᠥᠬᠦ ᠰᠢᠶᠠᠨ ᠤ ᠳᠡᠭᠡᠳᠦ ᠳᠣᠤᠷᠠᠳᠤ ᠱᠠᠲᠤ ᠶᠢ ᠳᠠᠶᠢᠴᠢᠯᠠᠨ ︽ᠶᠠᠰᠤ ᠴᠢᠨᠠᠷ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠬᠥᠭᠵᠢᠯᠲᠡ ᠶᠢ ᠠᠳᠬᠤᠬᠤ ᠳᠤ ᠡᠷᠬᠡᠪᠰᠢ ᠶᠠᠰᠤ ᠴᠢᠨᠠᠷ ᠢ ᠴᠢᠩᠭᠠᠳᠬᠠᠬᠤ︾ ᠣᠨᠣᠯᠵᠢᠬᠤᠨ ᠢ ᠪᠠᠲᠤᠳᠬᠠᠵᠤ᠂ ᠪᠥᠬᠦ ᠤᠯᠤᠰ ᠤᠨ ᠲᠦᠷᠦᠭᠦᠦ ᠪᠦᠯᠦᠭ ᠴᠢᠨᠠᠷ ᠰᠠᠶᠢᠲᠠᠢ ᠬᠦᠴᠦᠷᠬᠡᠭ ᠰᠢᠶᠠᠨ  ᠤ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠬᠤ  ᠪᠠᠷ ᠬᠠᠷᠠᠯᠲᠠ ᠪᠣᠯᠭᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠴᠢᠷᠮᠠᠶᠢᠬᠤ ᠤᠬᠠᠮᠰᠠᠷ᠂ ᠲᠡᠮᠡᠴᠡᠯ ᠤᠨ ᠣᠪᠣᠷ ᠪᠠᠶᠢᠳᠠᠯ᠂ ᠲᠡᠮᠡᠴᠡᠬᠦ ᠡᠷᠴᠢ ᠵᠣᠷᠢᠭ ᠢᠶᠠᠷ ᠪᠠᠷᠢᠮᠵᠢᠶᠠᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ  ᠪᠠᠷ᠂ ᠣᠯᠠᠨ ᠲᠠᠰ ᠳᠠᠪᠬᠤᠷᠭ᠎ᠠ ᠪᠠᠷ ᠳᠥᠯᠭᠢᠨ ᠠᠬᠢᠭᠤᠯᠵᠤ᠂ ᠪᠠᠷᠢᠮᠵᠢᠶ᠎ᠠ ᠪᠠᠷ ᠬᠥᠲᠥᠯᠦᠨ ᠳᠠᠭᠠᠭᠤᠯᠬᠤ᠂ ᠶᠠᠰᠤ ᠴᠢᠨᠠᠷ ᠨᠢ ᠭᠠᠷᠮᠠᠭᠠᠶ ︽ ᠴᠢᠨᠠᠷ ᠰᠠᠶᠢᠲᠠᠢ ᠺᠠᠶᠢᠯᠦ︾ ᠶᠢ ᠴᠢᠷᠮᠠᠶᠢᠨ ᠪᠠᠶᠢᠭᠤᠯᠬᠤ ᠬᠡᠷᠡᠭᠲᠡᠶ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠵᠠᠩ ᠸᠧᠨ ᠵᠢᠶᠦ᠋ᠨ᠂ ᠵᠢᠶᠠᠩ ᠵᠢᠩ ᠶᠢᠩ᠂ ᠯᠢᠦ ᠶᠤᠤ ᠵᠡᠷᠭᠡ ᠰᠢᠶᠠᠨ ᠤ ᠲᠦᠷᠪᠡᠨ ᠶᠡᠭᠡ ᠤᠳᠤᠷᠢᠳᠬᠤ ᠪᠠᠭ  ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ ᠬᠤᠷᠠᠯ  ᠳᠤ ᠣᠷᠣᠯᠴᠠᠵᠤ᠂ ᠯᠢᠦ ᠶᠤᠤ ᠬᠤᠷᠠᠯ ᠡᠷᠬᠢᠯᠡᠪᠡ᠃ ᠲᠦᠩᠯᠢᠶᠣᠤ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠶᠢᠨ ᠲᠤᠪᠴᠢᠶ᠎ᠠ᠂ ᠲᠦᠩᠯᠢᠶᠣᠤ  ᠶᠢᠨ ᠭᠠᠶᠢᠯᠢ ᠶᠢᠨ ᠪᠣᠭᠤᠮᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
ea3e2065fa0ae50e99fdec432eb7f032_W020250416373338780348.png
      ᠬᠤᠷᠠᠯ  ᠠᠴᠠ ᠵᠢᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠡᠷᠬᠡᠪᠰᠢ ᠪᠠᠶᠢᠯᠳᠤᠬᠤ ᠪᠣᠳᠣᠯᠭ᠎ᠠ  ᠶᠢᠨ ᠦᠨᠳᠦᠷᠴᠡ  ᠠᠴᠠ ᠪᠠᠷᠢᠮᠵᠢᠶᠠᠵᠢᠭᠤᠯᠤᠯᠲᠠ  ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠠᠵᠢᠯᠯᠠᠭ᠎ᠠ ᠶᠢ ᠥᠷᠨᠢᠭᠦᠯᠬᠦ ᠪᠣᠯ ᠤᠯᠤᠰ ᠤᠨ ᠪᠠᠶᠢᠯᠳᠤᠬᠤ ᠪᠣᠳᠣᠯᠭ᠎ᠠ  ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠮᠥᠨ᠂ ᠠᠵᠤ ᠦᠢᠯᠡᠰ ᠤᠨ ᠬᠥᠭᠵᠢᠯᠲᠡ ᠶᠢᠨ ᠪᠣᠭᠤᠮᠢ  ᠶᠢ ᠰᠢᠢᠳᠪᠦᠷᠢᠯᠡᠬᠦ ᠲᠤᠯᠭᠠᠮ᠎ᠠ ᠬᠡᠷᠡᠭᠴᠡᠭᠡ ᠮᠥᠨ᠂ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ ᠭᠡᠳᠡᠭ ᠢ ᠭᠦᠨᠵᠡᠭᠡᠢ ᠲᠠᠨᠢᠵᠤ᠂ ᠨᠠᠩ ᠡᠷᠡᠰ ᠪᠠᠲᠤ ᠵᠣᠷᠢᠭ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠡᠭᠦᠷᠭᠡ  ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃ᠬᠤᠷᠠᠯ ᠠᠴᠠ ᠴᠢᠩᠭᠠᠳᠬᠠᠭᠰᠠᠨ ᠨᠢ᠂ ᠪᠠᠷᠢᠮᠵᠢᠶᠠᠵᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠠᠵᠢᠯᠯᠠᠭ᠎ᠠ ᠶᠢ ᠥᠷᠨᠢᠭᠦᠯᠵᠦ᠂ ᠪᠥᠬᠦ ᠤᠯᠤᠰ  ᠤᠨ ᠴᠢᠨᠠᠷ ᠰᠠᠶᠢᠲᠠᠢ ᠬᠦᠴᠦᠷᠬᠡᠭ ᠰᠢᠶᠠᠨ  ᠤ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠬᠤ ᠪᠠᠷ ᠬᠠᠷᠠᠯᠲᠠ ᠪᠣᠯᠭᠠᠨ᠂ ᠲᠠᠷᠢᠶᠠᠯᠠᠩ ᠮᠠᠯ ᠠᠵᠤ ᠠᠬᠤᠶ  ᠶᠢᠨ ᠠᠵᠤ ᠦᠢᠯᠡᠰ  ᠤᠨ ︽ᠲᠠᠪᠤᠨ ᠨᠢᠭᠡ︾  ᠶᠢᠨ ᠠᠵᠢᠯ  ᠢ ᠬᠡᠷᠡᠭᠵᠢᠭᠦᠯᠬᠦ  ᠪᠠᠷ ᠰᠠᠭᠤᠷᠢ ᠪᠣᠯᠭᠠᠵᠤ᠂ ᠪᠦᠲᠦᠭᠡᠭᠳᠡᠬᠦᠨ  ᠢᠶᠠᠷ ᠭᠤᠤᠯ ᠱᠤᠭᠤᠮ ᠪᠣᠯᠭᠠᠭᠰᠠᠨ᠂ ᠪᠥᠬᠦ ᠶᠠᠪᠤᠴᠠ ᠳᠤ ᠶᠠᠰᠤ ᠴᠢᠨᠠᠷ  ᠢ ᠡᠵᠡᠮᠳᠡᠬᠦ ᠪᠠᠷ ᠭᠤᠤᠯ ᠪᠣᠯᠭᠠᠭᠰᠠᠨ ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶ᠎ᠡ  ᠶᠢᠨ ᠪᠠᠷᠢᠮᠵᠢᠶ᠎ᠠ  ᠶᠢᠨ ᠰᠢᠰᠲ᠋ᠧᠮ  ᠢ ᠦᠨᠡᠨ ᠬᠦ ᠪᠠᠶᠢᠭᠤᠯᠵᠤ᠂ ᠨᠢᠭᠡ ᠪᠦᠯᠦᠭ ᠪᠥᠬᠦ ᠠᠵᠤ ᠦᠢᠯᠡᠰ  ᠤᠨ ᠬᠡᠯᠬᠢᠶ᠎ᠡ  ᠶᠢᠨ ᠪᠠᠷᠢᠮᠵᠢᠶᠠᠵᠢᠭᠤᠯᠤᠯᠲᠠ  ᠶᠢᠨ ᠰᠠᠭᠤᠷᠢᠨ ᠭᠠᠵᠠᠷ ᠢ ᠲᠤᠷᠰᠢᠨ ᠪᠠᠶᠢᠭᠤᠯᠵᠤ᠂ ᠨᠢᠭᠡ ᠪᠦᠯᠦᠭ ᠥᠨᠳᠥᠷ ᠪᠠᠷᠢᠮᠵᠢᠶ᠎ᠠ ᠪᠠᠷ ᠬᠥᠲᠥᠯᠦᠨ ᠳᠠᠭᠠᠭᠤᠯᠬᠤ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠰᠣᠳᠣᠨ ᠪᠦᠲᠦᠭᠡᠯ ᠢ ᠪᠤᠶᠢᠵᠢᠭᠤᠯᠵᠤ᠂ ᠨᠢᠭᠡ ᠪᠦᠯᠦᠭ ᠪᠠᠷᠢᠮᠵᠢᠶᠠᠵᠢᠭᠤᠯᠤᠯᠲᠠ ᠪᠠᠷ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ  ᠤᠨ ᠬᠥᠭᠵᠢᠯᠲᠡ ᠪᠠ ᠶᠠᠰᠤ ᠴᠢᠨᠠᠷ  ᠤᠨ ᠳᠡᠭᠡᠭᠰᠢᠯᠡᠯᠲᠡ  ᠶᠢ ᠳᠠᠶᠢᠴᠢᠯᠠᠬᠤ ᠨᠢᠭᠡ ᠪᠦᠯᠦᠭ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠰᠣᠩᠭᠤᠨ ᠪᠣᠶ ᠪᠣᠯᠭᠠᠵᠤ᠂ ᠲᠠᠷᠢᠶᠠᠯᠠᠩ  ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ  ᠤ ᠬᠠᠩᠭᠠᠯᠭ᠎ᠠ ᠶᠢ ᠨᠡᠮᠡᠭᠳᠡᠭᠦᠯᠬᠦ ᠪᠠ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃
c9514b65ff31226dcf5651aa701796b7_W020250416373338800341.png
      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ  ᠢᠶᠠᠷ  ᠢᠶᠠᠨ ᠡᠯ᠎ᠡ ᠵᠦᠢᠯ  ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠵᠣᠬᠢᠶᠠᠨ ᠪᠠᠶᠢᠭᠤᠯᠤᠯᠲᠠ  ᠶᠢᠨ ᠤᠳᠤᠷᠢᠳᠤᠯᠭ᠎ᠠ  ᠪᠠᠨ ᠦᠨᠡᠨ ᠬᠦᠩ ᠴᠢᠩᠭᠠᠳᠬᠠᠵᠤ᠂ ᠭᠠᠳᠠᠭᠠᠳᠤ ᠬᠦᠴᠦᠨ ᠤ ᠭᠠᠳᠠᠭᠠᠳᠤ ᠤᠶᠤᠨ ᠤᠬᠠᠭᠠᠨ ᠢ ᠴᠢᠳᠠᠮᠠᠭᠠᠢ ᠪᠠᠷ ᠠᠰᠢᠭᠯᠠᠵᠤ᠂ ᠡᠭᠦᠳᠦᠨ ᠪᠠᠶᠢᠭᠤᠯᠬᠤ ᠠᠵᠢᠯ ᠤᠨ ᠪᠠᠲᠤᠯᠠᠭ᠎ᠠ ᠶᠢ ᠴᠢᠩᠭᠠᠳᠬᠠᠵᠤ᠂ ︽ᠡᠬᠢᠯᠡᠯᠲᠡ ᠳᠠᠷᠤᠢ ᠰᠢᠢᠳᠪᠦᠷᠢᠲᠦ ᠳᠠᠶᠢᠯᠠᠯᠳᠤᠭᠠᠨ᠂ ᠡᠬᠢᠯᠡᠯᠲᠡ ᠳᠠᠷᠤᠢ ᠰᠢᠪᠲᠤᠯᠤᠯᠲᠠ︾  ᠶᠢᠨ ᠳᠦᠷᠰᠦ ᠪᠠᠶᠢᠳᠠᠯ ᠢᠶᠠᠷ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠦᠨᠡᠨ ᠬᠦᠩ ᠠᠳᠬᠤᠨ ᠪᠣᠳᠠᠲᠠᠢ ᠠᠵᠢᠯᠯᠠᠵᠤ᠂ ᠪᠠᠷᠢᠮᠵᠢᠶ᠎ᠠ ᠶᠢ ᠵᠠᠩ ᠳᠠᠳᠬᠠᠯ ᠪᠣᠯᠭᠠᠵᠤ᠂ ᠪᠠᠷᠢᠮᠵᠢᠶ᠎ᠠ ᠶᠢ ᠪᠠᠷᠢᠮᠵᠢᠶ᠎ᠠ ᠳᠤ ᠨᠡᠶᠢᠴᠡᠭᠦᠯᠵᠦ᠂ ᠪᠦᠬᠦ ᠰᠢᠶᠠᠨ ᠳᠤ ︽ᠬᠥᠮᠦᠨ ᠪᠦᠬᠦᠨ ᠶᠠᠰᠤ ᠴᠢᠨᠠᠷ ᠢ ᠡᠷᠬᠢᠮᠯᠡᠬᠦ᠂ ᠶᠠᠪᠤᠳᠠᠯ ᠪᠦᠬᠦᠨ ᠳᠤ ᠭᠠᠷᠮᠠᠭᠠᠢ ᠪᠠᠶᠢᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠃ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠶᠠᠩ ᠡᠾᠦ᠋ᠢ ᠮᠢᠨ᠂ ᠵᠠᠰᠠᠭ ᠤᠨ ᠣᠷᠳᠣᠨ ᠤ ᠳᠡᠳ᠋ ᠰᠢᠶᠠᠨ  ᠤ ᠳᠠᠷᠤᠭ᠎ᠠ ᠴᠠᠩ ᠯᠢᠶᠠᠩ ᠲᠤᠰ ᠲᠤᠰ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠲᠠᠢ ᠪᠠᠨ ᠤᠶᠠᠯᠳᠤᠭᠤᠯᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ ︵ᠴᠢᠨ ᠶᠢᠩ ᠂ ᠯᠢᠦ ᠶᠤᠸᠠᠨ ᠹᠧᠩ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号