ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠣᠨ ᠠᠨᠾᠦ᠋ᠢ ᠶᠢᠨ ᠹᠧᠩ ᠶᠤᠸᠠᠨ ᠪᠦᠯᠦᠭᠯᠡᠯ ᠲᠠᠢ ᠠᠮᠵᠢᠯᠲᠠ ᠲᠠᠢ ᠪᠠᠷ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2025/4/16
      4 ᠰᠠᠷ᠎ᠠ  ᠶᠢᠨ 12  ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ᠂ ᠬᠤᠲᠠ  ᠶᠢᠨ ᠳᠡᠳ᠋ ᠳᠠᠷᠤᠭ᠎ᠠ ᠪᠠᠶ ᠯᠢ ᠵᠦ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ ᠵᠡᠷᠭᠡ ᠬᠤᠲᠠ᠂ ᠰᠢᠶᠠᠨ ᠤ ᠤᠳᠤᠷᠢᠳᠤᠯᠭ᠎ᠠ ᠠᠨᠾᠦ᠋ᠢ ᠮᠤᠵᠢ ᠶᠢᠨ ᠹᠧᠩ ᠶᠤᠸᠠᠨ ᠪᠦᠯᠦᠭᠯᠡᠯ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠠᠮᠵᠢᠯᠲᠠ  ᠲᠠᠢ  ᠪᠠᠷ ᠭᠡᠷ᠎ᠡ ᠲᠣᠭᠲᠠᠪᠠ᠃      ᠬᠤᠲᠠ᠂ ᠰᠢᠶᠠᠨ ᠤ ᠬᠤᠳᠠᠯᠳᠤᠭᠠᠴᠢᠨ ᠤᠷᠢᠬᠤ ᠳᠤᠭᠤᠶᠢᠯᠠᠩ ᠠᠨᠾᠦ᠋ᠢ ᠶᠢᠨ ᠹᠧᠩ ᠶᠤᠸᠠᠨ ᠪᠦᠯᠦᠭᠯᠡᠯ ᠤᠨ ᠦᠵᠡᠰᠬᠦᠯᠡᠩ ᠤᠨ ᠣᠷᠳᠣᠨ ᠢ ᠲᠣᠭᠤᠷᠢᠨ ᠦᠵᠡᠵᠦ᠂ ᠪᠦᠯᠦᠭᠯᠡᠯ ᠤᠨ ᠬᠥᠭᠵᠢᠯᠲᠡ ᠶᠢᠨ ᠶᠠᠪᠤᠴᠠ ᠶᠢ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠯᠢᠦ ᠶᠠᠩ ᠺᠠᠶᠢᠯᠦ ᠰᠢᠶᠠᠨ ᠠᠨᠾᠦ᠋ᠢ ᠶᠢᠨ ᠹᠧᠩ ᠶᠤᠸᠠᠨ ᠪᠦᠯᠦᠭᠯᠡᠯ ᠤᠨ ᠠᠮᠢᠳᠤ ᠪᠣᠳᠠᠰ ᠤᠨ ᠮᠠᠲ᠋ᠧᠷᠢᠶᠠᠯ ᠪᠣᠯᠤᠨ ᠠᠮᠢᠳᠤ ᠪᠣᠳᠠᠰ  ᠤᠨ ᠡᠨᠧᠷᠭᠢ ᠶᠢᠨ ᠠᠵᠤ ᠦᠢᠯᠡᠰ  ᠤᠨ ᠬᠡᠯᠬᠢᠶ᠎ᠡ ᠵᠡᠷᠭᠡ ᠲᠦᠷᠦᠯ ᠵᠦᠢᠯ  ᠢ ᠬᠦᠯᠢᠶᠡᠨ ᠠᠪᠤᠭᠰᠠᠨ ᠦᠨᠳᠦᠰᠦᠨ ᠪᠠᠶᠢᠳᠠᠯ  ᠢ ᠲᠠᠨᠢᠯᠴᠠᠭᠤᠯᠪᠠ᠃ ᠠᠨᠾᠦ᠋ᠢ ᠮᠤᠵᠢ ᠶᠢᠨ ᠹᠧᠩ ᠶᠤᠸᠠᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠷᠦᠩ ᠵᠢᠶᠧ ᠺᠠᠶᠢᠯᠦ ᠰᠢᠶᠠᠨ ᠳᠤ ᠪᠡᠯᠡ ᠣᠷᠣᠭᠤᠯᠬᠤ ᠲᠦᠷᠦᠯ ᠵᠦᠢᠯ ᠤᠨ ᠲᠥᠯᠥᠪᠵᠢᠭᠦᠯᠭᠡ᠂ ᠺᠣᠮᠫᠠᠨᠢ ᠶᠢᠨ ᠪᠠᠶᠢᠷᠢᠯᠠᠭᠤᠯᠤᠯᠲᠠ᠂ ᠪᠡᠯᠡ ᠮᠥᠩᠭᠦ ᠶᠢᠨ ᠪᠡᠯᠡᠳᠬᠡᠯ᠂ ᠦᠢᠯᠡᠳᠬᠦᠨ ᠤ ᠵᠠᠬ᠎ᠠ ᠳᠡᠯᠭᠡᠭᠦᠷ  ᠤᠨ ᠠᠯᠤᠰ ᠢᠷᠡᠭᠡᠳᠦᠢ ᠪᠣᠯᠤᠨ ᠦᠷ᠎ᠡ ᠠᠰᠢᠭ ᠵᠡᠷᠭᠡ ᠪᠠᠶᠢᠳᠠᠯ ᠢ ᠲᠠᠨᠢᠯᠴᠠᠭᠤᠯᠪᠠ᠃ ᠴᠢ᠊ · ᠳᠠᠯᠠᠨᠲᠠᠢ ᠠᠨᠾᠦ᠋ᠢ ᠶᠢᠨ ᠹᠧᠩ ᠶᠤᠸᠠᠨ ᠪᠦᠯᠦᠭᠯᠡᠯ  ᠤᠨ ᠲᠦᠩᠯᠢᠶᠣᠤ ᠬᠤᠳᠠ ᠶᠢᠨ ᠺᠠᠶᠢᠯᠦ ᠰᠢᠶᠠᠨ ᠳᠤ ᠪᠡᠯᠡ ᠣᠷᠣᠭᠤᠯᠬᠤ ᠪᠠᠷ ᠰᠣᠩᠭᠤᠭᠰᠠᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠤᠳᠠ  ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠺᠠᠶᠢᠯᠦ ᠰᠢᠶᠠᠨ  ᠤ ᠵᠠᠰᠠᠭ  ᠤᠨ ᠣᠷᠳᠣᠨ ᠲᠦᠷᠦᠯ ᠵᠦᠢᠯ  ᠤᠨ ᠪᠦᠳᠦᠭᠡᠨ ᠪᠠᠶᠢᠭᠤᠯᠤᠯᠲᠠ  ᠶᠢᠨ ᠡᠯ᠎ᠡ ᠵᠦᠢᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
d487493a5ad9f31c434f692c965ca164_W020250416373341347475.png
      ᠡᠮᠦᠨᠡᠬᠢ ᠬᠤᠭᠤᠴᠠᠭᠠᠨ ᠤ ᠪᠦᠲᠦᠮᠵᠢᠲᠡᠶ ᠨᠡᠪᠲᠡᠷᠡᠯᠴᠡᠭᠰᠡᠨ ᠰᠠᠭᠤᠷᠢᠨ ᠳᠡᠭᠡᠷ᠎ᠡ᠂ ᠬᠤᠲᠠ᠂ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠬᠦᠴᠦ ᠪᠠᠨ ᠬᠠᠮᠲᠤᠳᠬᠠᠨ ᠬᠠᠮᠲᠤᠷᠠᠯᠴᠠᠬᠤ ᠳᠣᠣᠷ᠎ᠠ᠂ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠺᠠᠶᠢᠯᠦ ᠰᠢᠶᠠᠨ ᠤ ᠠᠷᠠᠳ  ᠤᠨ ᠵᠠᠰᠠᠭ ᠤᠨ ᠣᠷᠳᠣᠨ᠂ ᠠᠨᠾᠦ᠋ᠢ ᠶᠢᠨ ᠹᠧᠩ ᠶᠤᠸᠠᠨ ᠪᠦᠯᠦᠭᠯᠡᠯ ᠵᠡᠷᠭᠡ ᠭᠤᠷᠪᠠᠨ ᠲᠠᠯ᠎ᠠ ᠬᠠᠮᠲᠤᠷᠠᠨ ᠠᠵᠢᠯᠯᠠᠬᠤ ᠰᠠᠨᠠᠮᠵᠢ ᠶᠢᠨ ᠬᠠᠮᠲᠤ ᠭᠡᠷ᠎ᠡ ᠲᠣᠭᠲᠠᠪᠠ᠃      ᠣᠶᠢᠯᠠᠭᠠᠭᠰᠠᠨ  ᠢᠶᠠᠷ᠂ ᠠᠨᠾᠦ᠋ᠢ ᠶᠢᠨ ᠹᠧᠩ ᠶᠤᠸᠠᠨ ᠪᠦᠯᠦᠭᠯᠡᠯ  ᠤᠨ ᠠᠩᠬᠠᠳᠤᠭᠠᠷ ᠬᠤᠭᠤᠴᠠᠭᠠᠨ ᠤ ᠠᠮᠢᠳᠤ ᠪᠣᠳᠠᠰ ᠤᠨ ᠮᠠᠲ᠋ᠧᠷᠢᠶᠠᠯ ᠪᠣᠯᠤᠨ ᠠᠮᠢᠳᠤ ᠪᠣᠳᠠᠰ  ᠤᠨ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠲᠥᠯᠥᠪᠵᠢᠭᠦᠯᠭᠡ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠪᠠᠷᠤᠭ 52 ᠳ᠋ᠦᠩᠰᠢᠭᠤᠷ ᠲᠥᠭᠦᠷᠢᠭ  ᠲᠤ ᠬᠦᠷᠴᠦ᠂ 1000 ᠮᠦ ᠣᠷᠴᠢᠮ ᠭᠠᠵᠠᠷ ᠡᠵᠡᠯᠡᠵᠦ᠂ ᠡᠰᠢ ᠰᠦᠷᠡᠯ ᠤᠨ ᠰᠢᠬᠢᠷ ᠦᠢᠯᠡᠳᠪᠦᠷᠢᠯᠡᠬᠦ ᠠᠴᠠ ᠪᠣᠯᠤᠭᠰᠠᠨ ᠰᠢᠷ᠎ᠠ ᠢᠯᠵᠠᠷᠠᠮᠠᠯ ᠬᠦᠴᠢᠯ᠂ ᠰᠦᠨ ᠬᠦᠴᠢᠯ ᠤᠨ ᠪᠥᠭᠡᠭᠡᠨᠡᠷᠡᠯ ᠰᠦᠨ ᠬᠦᠴᠢᠯ᠂ ᠸᠢᠲ᠋ᠠᠮᠢᠨ᠂ ᠰᠢᠪᠲᠦᠷᠲᠦ ᠬᠦᠴᠢᠯ ᠵᠡᠷᠭᠡ ᠲᠦᠷᠦᠯ ᠵᠦᠢᠯ ᠢ ᠪᠦᠳᠦᠭᠡᠨ ᠪᠠᠶᠢᠭᠤᠯᠬᠤ ᠪᠠᠭᠲᠠᠨ᠎ᠠ᠃ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号