ᠪᠥᠬᠦ ᠣᠷᠣᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠪᠥᠬᠦ | ᠬᠤᠲᠠ ᠶᠢᠨ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠬᠤᠷᠠᠯ ᠵᠢᠴᠢ ᠣᠶ ᠰᠢᠭᠤᠶ ᠡᠪᠡᠰᠦ | ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠦᠨᠡᠨ ᠬᠦ ᠴᠢᠩᠭᠠᠳᠬᠠᠨ᠂ ᠠᠮᠢ | ᠠᠬᠤᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ | 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠺᠠᠶᠢᠯᠦ ᠪᠠᠯᠭᠠᠰᠤ᠂ ᠶᠡᠬᠡᠲᠠᠯ᠎ᠠ | ᠪᠠᠯᠭᠠᠰᠤ᠂ ᠵᠢᠶᠠᠨ ᠬᠤᠸᠠ ᠪᠠᠯᠭᠠᠰᠤ᠂ ᠰᠢᠶᠤᠤ ᠵᠢᠶᠧ ᠵᠢᠶ ᠪᠠᠯᠭᠠᠰᠤᠨ ᠳᠤ ᠭᠦᠨᠵᠡᠭᠡᠶᠢᠷᠡᠨ ᠣᠶ ᠰᠢᠭᠤᠶ ᠡᠪᠡᠰᠦ | ᠪᠡᠯᠴᠢᠭᠡᠷ ᠢ ᠰᠦᠢᠳᠬᠡᠭᠰᠡᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠲᠤᠬᠠᠶ ᠶᠢᠨ ᠲᠠᠯᠠᠪᠤᠷ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠢᠷᠤᠭ ᠤᠨ ᠲᠣᠯᠪᠤ ᠶᠢ ᠬᠠᠷᠭᠤᠭᠤᠯᠤᠨ ᠪᠠᠶᠢᠴᠠᠭᠠᠬᠤ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠴᠡᠭᠴᠡᠯᠡᠨ ᠰᠠᠶᠢᠵᠢᠷᠠᠭᠤᠯᠬᠤ ᠠᠬᠢᠴᠠ | ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠵᠢᠯᠣᠭᠤᠳᠬᠤ ᠰᠠᠨᠠᠯ ᠳᠤᠷᠠᠳᠪᠠ᠃ | | | | | | ᠸᠠᠩ ᠹᠧᠩ ᠰᠧᠨ ᠴᠢᠩᠭᠠᠳᠬᠠᠭᠰᠠᠨ ᠨᠢ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠦᠨᠳᠦᠷᠴᠡ ᠠᠴᠠ ᠤᠢ ᠰᠢᠭᠤᠢ ᠡᠪᠡᠰᠦ ᠪᠡᠯᠴᠢᠭᠡᠷ ᠤᠨ | ᠨᠤᠭᠤ ᠭᠠᠵᠠᠷ ᠤᠨ ᠡᠬᠢ ᠪᠠᠶᠠᠯᠢᠭ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ | ᠵᠠᠰᠠᠵᠤ᠂ ᠡᠴᠦᠰ ᠲᠤᠨᠢ ᠲᠤᠯᠲᠠᠯ᠎ᠠ ᠪᠣᠭᠤᠮᠲᠠ ᠰᠢᠪᠲᠤᠯᠬᠤ ᠡᠷᠡᠰ ᠵᠣᠷᠢᠭ ᠢᠶᠠᠷ ᠬᠠᠲᠠᠭᠤ ᠲᠠᠢ ᠬᠠᠯᠳᠠᠵᠤ᠂ ᠬᠢᠯᠪᠡᠷ | ᠪᠤᠰᠤ ᠪᠠᠷ ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠰᠠᠬᠢᠨ | ᠬᠠᠮᠠᠭᠠᠯᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠣᠷᠣᠨ ᠤ ᠤᠢ ᠰᠢᠭᠤᠢ | ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠦᠯᠡᠳᠡᠭᠡᠯ ᠵᠢᠷᠤᠭ ᠤᠨ ᠲᠣᠯᠪᠤ ᠶᠢ ᠴᠡᠭᠴᠡᠯᠡᠨ | ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠣᠳᠣᠬᠠᠨ ᠳᠤ ᠴᠡᠭᠴᠡᠯᠡᠨ ᠰᠠᠶᠢᠵᠢᠷᠠᠭᠤᠯᠬᠤ ᠶᠢ ᠬᠠᠷᠠᠬᠠᠨ | ᠪᠡᠶᠡᠯᠡᠭᠦᠯᠦᠭᠡᠳᠦᠶ ᠦᠯᠡᠳᠡᠭᠡᠯ ᠵᠢᠷᠤᠭ ᠤᠨ ᠲᠣᠯᠪᠤ ᠳᠤ ᠴᠢᠭᠯᠡᠭᠦᠯᠦᠨ᠂ ᠵᠢᠷᠤᠭ ᠨᠢᠭᠡᠪᠦᠷᠢ ᠶᠢᠨ ᠪᠣᠳᠠᠲᠠᠶ ᠪᠠᠶᠢᠳᠠᠯ ᠢ | ᠨᠠᠷᠢᠯᠢᠭ ᠣᠨᠣᠴᠠᠲᠠᠶ ᠪᠠᠷ ᠵᠠᠳᠠᠯᠵᠤ᠂ ︽ᠨᠢᠭᠡ ᠭᠠᠵᠠᠷ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ︽ᠨᠢᠭᠡ | ᠴᠡᠭ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠠᠷᠭ᠎ᠠ ᠬᠡᠯᠪᠡᠷᠢ ᠶᠢᠨ ᠶᠣᠰᠣᠭᠠᠷ᠂ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢᠨ ᠭᠤᠤᠯ ᠴᠣᠭᠴᠠ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ | ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ | ᠬᠠᠮᠵᠢᠯᠴᠠᠨ ᠪᠠᠶᠢᠯᠳᠤᠬᠤ ᠪᠠᠨ ᠴᠢᠩᠭᠠᠳᠬᠠᠵᠤ᠂ ᠬᠦᠴᠦᠲᠡᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠭᠡᠬᠡᠨ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠣᠷᠳᠣ | ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠳᠠᠬᠢᠨ ᠪᠠᠶᠢᠴᠠᠭᠠᠬᠤ ᠶᠢ ᠴᠢᠩᠭᠠᠳᠬᠠᠨ᠂ ᠠᠰᠠᠭᠤᠳᠠᠯ ᠤᠨ ᠳᠠᠬᠢᠨ | ᠡᠭᠦᠰᠬᠦ ᠶᠢ ᠰᠡᠷᠭᠡᠶᠢᠯᠡᠬᠦ ᠬᠡᠷᠡᠭᠲᠡᠶ᠃ ᠨᠡᠮᠡᠭᠳᠡᠯ ᠤᠨ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠬᠤᠷᠢᠭᠯᠠᠵᠤ᠂ ᠡᠬᠢ | ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠬᠦᠴᠦᠨ ᠢ ᠴᠢᠩᠭᠠᠳᠬᠠᠵᠤ᠂ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠡᠷᠲᠡ | ᠢᠯᠡᠷᠡᠭᠦᠯᠵᠦ᠂ ᠡᠷᠲᠡ ᠬᠤᠷᠢᠭᠯᠠᠵᠤ᠂ ᠡᠷᠲᠡ ᠪᠠᠶᠢᠴᠠᠭᠠᠨ ᠰᠢᠢᠳᠪᠦᠷᠢᠯᠡᠬᠦ ᠶᠢ ᠪᠡᠶᠡᠯᠡᠭᠦᠯᠵᠦ᠂ ᠬᠦᠴᠦᠷᠬᠡᠭ ᠶᠡᠭᠡ | ᠰᠦᠷᠳᠡᠭᠦᠯᠬᠦ ᠦᠢᠯᠡᠳᠦᠯ ᠢ ᠪᠤᠢ ᠪᠣᠯᠭᠠᠬᠤ ᠬᠡᠷᠡᠭᠲᠡᠢ᠃ ᠥᠷᠭᠡᠨ ᠤᠯᠠᠨ ᠲᠦᠮᠡᠨ ᠤ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠤᠯᠠᠨ ᠲᠦᠮᠡᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ | ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠤᠢ ᠰᠢᠭᠤᠢ ᠡᠪᠡᠰᠦ ᠪᠡᠯᠴᠢᠭᠡᠷ ᠢ ᠡᠪᠳᠡᠬᠦ ᠵᠡᠷᠭᠡ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠬᠤ ᠬᠡᠷᠡᠭᠲᠡᠢ᠃ | | |