ᠮᠧᠩ ᠰᠢᠶᠠᠨ ᠳ᠋ᠦᠩ ᠺᠠᠶᠢᠯᠦ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠬᠥᠭᠵᠢᠯᠲᠡ ᠶᠢᠨ ᠵᠥᠷᠢᠴᠡᠯ ᠢ ᠰᠢᠢᠳᠪᠦᠷᠢᠯᠡᠬᠦ ᠪᠠᠷ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠲᠠᠷᠢᠶᠠᠯᠠᠩ ᠤᠨ ᠲᠤᠮᠤ ᠰᠢᠶᠠᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠠᠯᠬᠤᠴᠠ ᠶᠢ ᠲᠦᠷᠭᠡᠳᠬᠡᠬᠦ ᠬᠡᠷᠡᠭᠲᠡᠶ
ᠨᠡᠶᠢᠲᠡᠯᠡᠭᠰᠡᠨ ᠴᠠᠭ᠄
2025/4/2
      4 ᠰᠠᠷ᠎ᠠ ᠶᠢᠨ 1 ᠤ ᠡᠳᠦᠷ᠂ ᠮᠧᠩ ᠰᠢᠶᠠᠨ ᠳ᠋ᠦᠩ ᠺᠠᠶᠢᠯᠦ ᠰᠢᠶᠠᠨ ᠳᠤ ᠭᠦᠨᠵᠡᠭᠡᠶᠢᠷᠡᠵᠦ᠂ ᠠᠵᠤ ᠦᠢᠯᠡᠰ ᠤᠨ ᠪᠤᠶᠢᠵᠢᠯᠲᠠ᠂ ᠲᠥᠷᠥᠯ ᠵᠦᠢᠯ  ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠪᠡ᠃      ᠮᠧᠩ ᠰᠢᠶᠠᠨ ᠳ᠋ᠦᠩ ᠤᠷᠢᠳ ᠬᠤᠵᠢᠳ ᠵᠣᠷᠢᠭᠲᠤ ᠸᠠᠩ ᠠᠮᠢ ᠠᠬᠤᠶ ᠶᠢᠨ ᠲᠠᠷᠢᠶᠠᠯᠠᠩ᠂ ᠰᠢᠨ᠎ᠡ ᠰᠣᠷᠭᠤᠭ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ᠂ ᠾᠧᠩ ᠺᠦᠨ ᠵᠤᠸᠠᠩ ᠰᠠᠭᠤᠷᠢ ᠱᠦᠢᠨᠢ ᠶᠢᠨ ᠪᠦᠲᠦᠭᠡᠭᠳᠡᠬᠦᠨ᠂ ᠺᠠᠶᠢᠯᠦ ᠰᠢᠶᠠᠨ ᠤ ᠶᠡᠷᠦᠩᠬᠡᠶᠢᠯᠡᠭᠰᠡᠨ ᠲᠠᠷᠢᠶᠠᠯᠠᠩ ᠤᠨ ᠶᠠᠪᠤᠳᠠᠯ  ᠤᠨ ᠦᠢᠯᠡᠴᠢᠯᠡᠭᠡᠨ ᠤ ᠲᠥᠪ᠂ ᠬᠤᠸᠠ ᠰᠢᠨ ᠡᠮ  ᠤᠨ ᠦᠢᠯᠡᠰ᠂ ᠢᠦᠶ ᠸᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠭᠠᠵᠠᠷ  ᠲᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ  ᠶᠢᠨ ᠠᠬᠢᠴᠠ  ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ  ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠲᠤᠬᠠᠶ ᠶᠢᠨ ᠲᠠᠯᠠᠪᠤᠷ ᠲᠤ ᠠᠷᠭ᠎ᠠ ᠬᠡᠮᠵᠢᠶ᠎ᠡ ᠶᠢ ᠰᠤᠳᠤᠯᠤᠭᠰᠠᠨ ᠪᠥᠭᠡᠳ ᠬᠤᠷᠠᠯ ᠬᠤᠷᠠᠯᠳᠤᠵᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠣᠳᠠᠲᠠᠶ ᠱᠠᠭᠠᠷᠳᠠᠯᠭ᠎ᠠ ᠳᠤᠷᠠᠳᠪᠠ᠃
52d8b0a2d0ef33460e25e6a49d77d271_W020250402583983520572.jpg
      4 ᠰᠠᠷ᠎ᠠ  ᠶᠢᠨ 1 ᠤ ᠡᠳᠦᠷ᠂ ᠮᠧᠩ ᠰᠢᠶᠠᠨ ᠳ᠋ᠦᠩ ᠥᠪᠥᠷ ᠮᠣᠩᠭᠤᠯ  ᠤᠨ ᠰᠢᠨ᠎ᠡ ᠰᠣᠷᠭᠤᠭ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ  ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠬᠦᠨ ᠢ ᠰᠤᠳᠤᠯᠤᠨ ᠨᠡᠭᠡᠭᠡᠬᠦ᠂ ᠪᠣᠷᠣᠯᠠᠭᠤᠯᠬᠤ ᠵᠡᠷᠭᠡ ᠪᠠᠶᠢᠳᠠᠯ  ᠢ ᠨᠠᠷᠢᠨ ᠣᠶᠢᠯᠠᠭᠠᠪᠠ᠃      ᠮᠧᠩ ᠰᠢᠶᠠᠨ ᠳ᠋ᠦᠩ ᠵᠢᠭᠠᠭᠰᠠᠨ ᠨᠢ᠂ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠠᠴᠠ ᠪᠥᠬᠦ ᠵᠢᠯ  ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ  ᠲᠠᠢ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃ ᠺᠠᠶᠢᠯᠦ ᠰᠢᠶᠠᠨ ᠳᠡᠭᠡᠳᠦ ᠱᠠᠲᠤᠨ  ᠤ ᠠᠵᠢᠯ  ᠤᠨ ᠱᠠᠭᠠᠷᠳᠠᠯᠭ᠎ᠠ  ᠲᠠᠢ ᠬᠠᠷᠢᠴᠠᠭᠤᠯᠵᠤ᠂ ᠪᠦᠬᠦ ᠵᠢᠯ ᠤᠨ ᠠᠵᠢᠯ  ᠢᠶᠠᠨ ᠢᠳᠡᠪᠬᠢᠲᠡᠢ ᠲᠤᠬᠢᠷᠠᠭᠤᠯᠵᠤ᠂ ᠨᠢᠭᠡᠳᠦᠭᠡᠷ ᠤᠯᠠᠷᠢᠯ  ᠳᠤ ︽ᠰᠠᠶᠢᠨ ᠡᠬᠢᠯᠡᠯᠲᠡ︾ ᠲᠠᠢ ᠪᠣᠯᠬᠤ ᠪᠣᠯᠤᠮᠵᠢ ᠲᠠᠢ ᠪᠠᠶᠢᠨ᠎ᠠ᠃ ᠡᠷᠡᠰ ᠵᠣᠷᠢᠭ ᠢᠶᠠᠨ ᠪᠠᠲᠤᠳᠬᠠᠵᠤ᠂ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠨᠠᠶᠢᠳᠠᠪᠤᠷᠢᠵᠢᠭᠤᠯᠤᠯᠲᠠ  ᠶᠢ ᠡᠷᠡᠰ ᠭᠤᠶᠢᠪᠢᠰᠢ ᠥᠬᠡᠶ ᠰᠠᠶᠢᠲᠤᠷ ᠠᠳᠬᠤᠬᠤ ᠬᠡᠷᠡᠭᠲᠡᠶ᠃ ᠣᠳᠣᠬᠢᠴᠢᠯᠠᠭᠰᠠᠨ ᠲᠤᠮᠤ ᠬᠥᠳᠡᠭᠡ ᠠᠵᠤ ᠠᠬᠤᠢ  ᠶᠢ ᠬᠥᠭᠵᠢᠭᠦᠯᠬᠦ ᠪᠠᠷ ᠭᠤᠣᠯ ᠰᠢᠪᠲᠤᠯᠤᠯᠲᠠ  ᠶᠢᠨ ᠴᠢᠭᠯᠡᠯ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠶᠢ ᠪᠠᠲᠤᠳᠬᠠᠵᠤ᠂ ᠴᠠᠭ ᠲᠤᠬᠠᠢ ᠳᠤᠨᠢ ᠳ᠋ᠦᠩᠨᠡᠵᠦ᠂ ᠶᠡᠬᠡᠪᠡᠷ ᠳᠡᠯᠭᠡᠷᠡᠭᠦᠯᠵᠦ᠂ ᠮᠡᠷᠭᠡᠵᠢᠯ  ᠤᠨ ᠰᠢᠨ᠎ᠡ ᠶᠢ ᠡᠭᠦᠳᠬᠦ᠂ ᠦᠷ᠎ᠡ ᠠᠰᠢᠭ  ᠢ ᠳᠡᠭᠡᠭᠰᠢᠯᠡᠭᠦᠯᠬᠦ᠂ ᠨᠡᠶᠢᠭᠡᠮᠴᠢᠯᠡᠭᠰᠡᠨ ᠦᠢᠯᠡᠴᠢᠯᠡᠭᠡ ᠳᠡᠭᠡᠷ᠎ᠡ ᠬᠦᠴᠦ ᠲᠠᠯᠪᠢᠬᠤ ᠶᠢ ᠴᠢᠬᠤᠯᠠᠴᠢᠯᠠᠵᠤ᠂ ᠰᠢᠷ᠎ᠠ ᠡᠷᠳᠡᠨᠢ ᠰᠢᠰᠢ᠂ ᠤᠯᠠᠭᠠᠨ ᠬᠠᠳᠠᠭᠠᠭᠰᠠᠨ ᠯᠠᠵᠤᠤ᠂ ᠠᠷᠤᠷᠠᠯᠢᠭ ᠵᠢᠮᠢᠰ᠂ ᠦᠬᠡᠷ ᠵᠡᠷᠭᠡ ᠭᠠᠵᠠᠷ ᠣᠷᠣᠨ ᠤ ᠲᠦᠷᠦᠯ ᠲᠡᠮᠳᠡᠭ ᠢ ᠣᠨᠴᠠᠯᠢᠭ ᠲᠠᠢ᠂ ᠬᠢᠯᠠᠰ ᠴᠡᠭ ᠪᠣᠯᠭᠠᠬᠤ  ᠪᠠᠷ ᠴᠢᠷᠮᠠᠶᠢᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ  ᠶᠢᠨ ᠬᠥᠭᠵᠢᠯᠲᠡ  ᠶᠢᠨ ᠶᠠᠰᠤ ᠴᠢᠨᠠᠷ ᠪᠠ ᠦᠷ᠎ᠡ ᠠᠰᠢᠭ ᠢ ᠲᠦᠷᠭᠡᠨ ᠳᠡᠭᠡᠭᠰᠢᠯᠡᠭᠦᠯᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠬᠥᠭᠵᠢᠯᠲᠡ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ  ᠢᠶᠠᠷ  ᠢᠶᠠᠨ ᠠᠬᠢᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠣᠯᠤᠨ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠮᠠᠰᠢᠨ ᠲᠡᠷᠭᠡ᠂ ᠭᠠᠵᠠᠷ᠂ ᠴᠠᠬᠢᠯᠭᠠᠨ᠂ ᠤᠰᠤ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠰᠠᠨᠠᠭᠠᠴᠢᠯᠠᠭ᠎ᠠ  ᠠᠴᠠ  ᠪᠠᠨ ᠠᠵᠤ ᠠᠬᠤᠶᠢᠯᠠᠯ  ᠢ ᠬᠠᠪᠰᠤᠷᠤᠨ ᠬᠦᠴᠢᠷᠳᠡᠯ  ᠤᠨ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠨᠡᠮᠡᠯᠲᠡ ᠦᠷᠳᠡᠭ ᠢᠶᠠᠷ ᠥᠨᠳᠥᠷ᠂ ᠦᠷᠢᠰᠦᠯᠳᠦᠬᠦ ᠬᠦᠴᠦᠨ ᠢᠶᠠᠷ ᠴᠢᠩᠭ᠎ᠠ ᠦᠵᠦᠭᠦᠷ ᠦᠢᠯᠡᠳᠬᠦᠨ  ᠢ ᠦᠢᠯᠡᠳᠪᠦᠷᠢᠯᠡᠬᠦ ᠶᠢ ᠬᠦᠳᠦᠯᠦᠨ ᠵᠢᠯᠣᠭᠤᠳᠴᠤ᠂ ︽ ᠪᠣᠰᠣᠳ ᠤᠨ ᠲᠠᠷᠢᠬᠢ ᠲᠣᠯᠣᠭᠠᠢ︾  ᠶᠢ ᠵᠢᠭᠡᠯᠡᠨ ᠠᠰᠢᠭᠯᠠᠵᠤ ᠨᠢᠭᠡ ᠪᠦᠯᠦᠭ ᠥᠨᠳᠥᠷ ᠲᠦᠪᠰᠢᠨ ᠪᠦᠬᠦᠢ ᠲᠤᠮᠤ ᠲᠦᠷᠦᠯ ᠵᠦᠢᠯ ᠢ ᠲᠥᠯᠥᠪᠵᠢᠭᠦᠯᠦᠨ ᠵᠣᠯᠭᠠᠭᠤᠯᠵᠤ᠂ ᠤᠳᠤ  ᠶᠢᠨ ᠪᠠᠶᠢᠭ᠎ᠠ ᠲᠦᠷᠦᠯ ᠵᠦᠢᠯ ᠤᠨ ᠡᠷᠡᠭᠦᠯ ᠢᠶᠠᠷ ᠬᠥᠭᠵᠢᠬᠦ᠂ ᠴᠢᠬᠤᠯᠠ ᠶᠡᠭᠡ ᠲᠦᠷᠦᠯ ᠵᠦᠢᠯ ᠬᠤᠶᠢᠨ᠎ᠠ ᠬᠤᠶᠢᠨ᠎ᠠ ᠠᠴᠠ ᠪᠠᠨ ᠢᠷᠡᠬᠦ ᠠᠮᠢᠳᠤᠯᠢᠭ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠳᠠᠭᠠᠭᠠᠴᠢᠯᠠᠯᠲᠠ ᠶᠢᠨ ᠬᠠᠷᠢᠴᠠᠭ᠎ᠠ  ᠶᠢ ᠵᠢᠷᠤᠮᠵᠢᠭᠤᠯᠬᠤ ᠠᠵᠢᠯ  ᠢ ᠡᠷᠡᠰ ᠭᠤᠶᠢᠪᠢᠰᠢ ᠦᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ  ᠤ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ  ᠢᠶᠠᠷ ᠠᠵᠠ ᠲᠣᠬᠢᠶᠠᠯ ᠪᠣᠯᠭᠠᠵᠤ᠂ ᠪᠠᠶᠢᠳᠠᠯ  ᠢ ᠠᠮᠵᠢᠨ ᠤᠷᠤᠭᠰᠢᠯᠠᠵᠤ᠂ ᠬᠦᠴᠦ  ᠪᠠᠨ ᠰᠢᠪᠬᠠᠨ ᠠᠵᠢᠯᠯᠠᠵᠤ᠂ ᠤᠬᠠᠭᠤᠯᠵᠤ ᠬᠦᠳᠦᠯᠦᠨ ᠵᠢᠯᠣᠭᠤᠳᠬᠤ ᠡᠷᠴᠢᠮ  ᠢᠶᠠᠨ ᠴᠢᠩᠭᠠᠷᠠᠭᠤᠯᠵᠤ᠂ ᠡᠯ᠎ᠡ ᠲᠦᠷᠦᠯ  ᠤᠨ ᠤᠢ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠲᠠᠬᠢᠨ ᠭᠤᠴᠢᠨ ᠵᠢᠯ ᠤᠷᠲᠤᠳᠬᠠᠬᠤ ᠲᠤᠷᠰᠢᠯᠲᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢᠨ ᠲᠣᠭᠲᠠᠭᠤᠨ ᠪᠠᠶᠢᠬᠤ  ᠶᠢ ᠬᠦᠴᠦᠲᠡᠢ ᠪᠠᠲᠤᠯᠠᠵᠤ᠂ ᠲᠠᠷᠢᠶᠠᠴᠢᠨ ᠡᠷᠦᠬᠡ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ  ᠶᠢ ᠠᠬᠢᠭᠤᠯᠬᠤ ᠬᠡᠷᠡᠭᠲᠡᠢ᠃
f67247fc8110c9c92b5b2939864de016_W020250402583983545405.jpg
      4 ᠰᠠᠷ᠎ᠠ  ᠶᠢᠨ 1 ᠤ ᠡᠳᠦᠷ᠂ ᠮᠧᠩ ᠰᠢᠶᠠᠨ ᠳ᠋ᠦᠩ ᠥᠪᠥᠷ ᠮᠣᠩᠭᠤᠯ ᠤᠨ ᠬᠤᠸᠠ ᠰᠢᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠬᠦᠨ ᠢ ᠪᠠᠶᠢᠴᠠᠭᠠᠨ ᠦᠵᠡᠵᠦ᠂ ᠲᠥᠷᠥᠯ ᠵᠦᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃      ᠮᠧᠩ ᠰᠢᠶᠠᠨ ᠳ᠋ᠦᠩ ᠵᠢᠭᠠᠭᠰᠠᠨ ᠨᠢ᠂ ᠡᠭᠦᠷᠢᠳᠡ ᠵᠤᠬᠰᠤᠰᠢ ᠦᠭᠡᠢ ᠪᠠᠶᠢᠬᠤ ᠡᠷᠡᠰ ᠪᠠᠲᠤ ᠪᠠ ᠪᠠᠷᠢᠮᠲᠠᠯᠠᠯ ᠢᠶᠠᠷ ︽ᠤᠯᠤᠰ ᠲᠦᠷᠦ ᠶᠢᠨ ᠠᠮᠢ ᠠᠬᠤᠢ  ᠶᠢ ᠴᠡᠪᠡᠷᠰᠢᠭᠦᠯᠵᠦ ᠴᠢᠩᠭ᠎ᠠ ᠥᠭᠡᠷᠡᠴᠢᠯᠡᠨ ᠴᠢᠩᠭ᠎ᠠ ᠵᠠᠰᠠᠵᠤ ᠴᠢᠩᠭ᠎ᠠ ᠴᠣᠭᠴᠠᠯᠠᠵᠤ ᠺᠠᠶᠢᠯᠦ ᠶᠢᠨ ᠳᠦᠷᠢ ᠲᠥᠷᠬᠦ ᠶᠢ ᠳᠠᠬᠢᠨ ᠱᠤᠭᠤᠬᠤ︾ ᠬᠡᠷᠡᠭ  ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠭᠰᠠᠨ ᠠᠵᠢᠯ  ᠤᠨ ᠦᠷ᠎ᠡ ᠪᠦᠲᠦᠭᠡᠯ  ᠢ ᠭᠦᠨᠵᠡᠭᠡᠢ ᠥᠷᠭᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ  ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠰᠡᠳᠬᠢᠯ ᠰᠠᠨᠠᠭ᠎ᠠ ᠪᠠ ᠤᠶᠤᠨ ᠴᠢᠳᠠᠯ  ᠢ ᠴᠢᠨᠠᠷ ᠰᠠᠶᠢᠲᠠᠢ ᠬᠥᠭᠵᠢᠭᠦᠯᠬᠦ ᠡᠨᠡ ᠬᠦ ᠭᠤᠣᠯ ᠠᠵᠢᠯ ᠳᠡᠭᠡᠷ᠎ᠡ ᠲᠥᠪᠯᠡᠷᠡᠭᠦᠯᠵᠦ᠂ ᠬᠥᠭᠵᠢᠯᠲᠡ  ᠪᠠᠷ ᠵᠥᠷᠢᠴᠡᠯ  ᠢ ᠰᠢᠢᠳᠪᠦᠷᠢᠯᠡᠬᠦ᠂ ᠬᠥᠭᠵᠢᠯᠲᠡ  ᠪᠠᠷ ᠬᠥᠮᠦᠰ  ᠤᠨ ᠰᠡᠳᠬᠢᠯ ᠢ ᠨᠢᠭᠲᠠᠷᠠᠭᠤᠯᠬᠤ᠂ ᠬᠥᠭᠵᠢᠯᠲᠡ ᠪᠠᠷ ᠡᠷᠴᠢ ᠵᠣᠷᠢᠭ ᠢ ᠬᠥᠪᠴᠢᠯᠡᠵᠦ᠂ ᠪᠦᠬᠦ ᠵᠢᠯ ᠤᠨ ᠭᠤᠣᠯᠳᠠᠯᠭ᠎ᠠ ᠲᠠᠢ ᠠᠵᠢᠯ  ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ  ᠢᠶᠠᠷ  ᠢᠶᠠᠨ ᠰᠠᠶᠢᠲᠤᠷ ᠠᠳᠬᠤᠵᠤ᠂ ᠣᠳᠣᠬᠢᠴᠢᠯᠠᠭᠰᠠᠨ ᠺᠠᠶᠢᠯᠦ  ᠶᠢᠨ ᠪᠦᠳᠦᠭᠡᠨ ᠪᠠᠶᠢᠭᠤᠯᠤᠯᠲᠠ  ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠃ ᠮᠡᠷᠭᠡᠨᠪᠠᠲᠤ ᠤᠷᠤᠯᠴᠠᠪᠠ᠃ 
 
ᠢᠷᠡᠯᠲᠡ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号