ᠯᠢᠦ ᠶᠠᠩ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/21
      4 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ ᠳᠤᠭᠤᠶᠢᠯᠠᠩ ᠳᠠᠭᠠᠭᠤᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠯᠢᠦ ᠶᠠᠩ ᠨᠠᠷ ᠤᠷᠢᠳ ᠬᠤᠵᠢᠳ ᠬᠤᠳᠠ ᠶᠢᠨ ᠬᠤᠶᠢᠲᠤᠬᠢ ᠬᠤᠭ ᠨᠣᠪᠰᠢ ᠪᠤᠯᠠᠬᠤ ᠲᠠᠯᠠᠪᠠᠢ᠂ ᠺᠠᠶᠢᠯᠦ ᠪᠠᠯᠭᠠᠰᠤ ᠶᠢᠨ ᠽᠧᠩ ᠱᠧᠩ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠤᠬᠠᠢ ᠶᠢᠨ ᠲᠠᠯᠠᠪᠤᠷ ᠢ ᠦᠵᠡᠵᠦ᠂ ᠲᠠᠨᠢᠯᠴᠠᠭᠤᠯᠭ᠎ᠠ ᠶᠢ ᠰᠣᠨᠣᠰᠴᠤ᠂ ᠪᠠᠶᠢᠳᠠᠯ ᠢ ᠠᠰᠠᠭᠤᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠵᠢᠷᠤᠭ  ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠤᠢᠢᠯᠠᠭᠠᠭᠰᠠᠨ ᠪᠥᠭᠡᠳ ᠽᠧᠩ ᠱᠧᠩ ᠲᠣᠰᠬᠤᠨ ᠤ ᠲᠣᠰᠬᠤᠨ  ᠳᠤ ᠰᠠᠭᠤᠭ᠎ᠠ ᠠᠵᠢᠯᠯᠠᠬᠤ ᠠᠩᠬᠢ ᠶᠢᠨ ᠴᠡᠭ ᠲᠤ ᠰᠠᠭᠤᠵᠤ ᠶᠠᠷᠢᠯᠴᠠᠬᠤ ᠬᠤᠷᠠᠯ ᠬᠤᠷᠠᠯᠳᠤᠵᠤ᠂ ᠲᠤᠬᠠᠢ ᠶᠢᠨ ᠲᠠᠯᠠᠪᠤᠷ ᠲᠤ ᠠᠲᠠᠷ ᠬᠠᠭᠠᠯᠪᠤᠷᠢᠯᠠᠬᠤ  ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠳᠤᠮᠳᠠ ᠲᠤᠯᠭᠠᠷᠠᠭᠰᠠᠨ ᠪᠣᠳᠠᠲᠠᠢ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠠᠷᠭ᠎ᠠ ᠬᠡᠮᠵᠢᠶ᠎ᠡ  ᠶᠢ ᠬᠠᠮᠲᠤᠪᠠᠷ ᠰᠦᠪᠡᠭᠴᠢᠯᠡᠪᠡ᠃
a7ddc89f69c2d56ab90fb97d4e618228_W020250421380663290338.png
      ᠯᠢᠦ ᠶᠠᠩ ᠵᠢᠭᠠᠭᠰᠠᠨ ᠨᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠪᠣᠯᠤᠨ ᠯᠠᠪᠳᠠᠭᠤᠨ ᠬᠦᠴᠦᠲᠡᠢ ᠠᠷᠭ᠎ᠠ ᠬᠡᠮᠵᠢᠶ᠎ᠡ ᠪᠠᠷ ᠡᠯ᠎ᠡ ᠲᠦᠷᠦᠯ ᠤᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ︔ ᠨᠢᠭᠡ ᠠᠴᠠ ᠵᠦᠢᠴᠢᠯᠡᠵᠦ ᠨᠦᠬᠦᠭᠡ  ᠶᠢ ᠮᠡᠳᠡᠬᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃
2e70dc5c7869009d6359cded175225ab_W020250421380663312615.png
      ᠯᠢᠦ ᠶᠠᠩ ᠴᠢᠩᠭᠠᠳᠬᠠᠭᠰᠠᠨ ᠨᠢ᠂ ᠤᠢ ᠰᠢᠭᠤᠢ ᠡᠪᠡᠰᠦ ᠪᠡᠯᠴᠢᠭᠡᠷ  ᠢ ᠬᠠᠮᠠᠭᠠᠯᠠᠬᠤ ᠬᠠᠲᠠᠭᠤ ᠠᠷᠭ᠎ᠠ ᠬᠡᠮᠵᠢᠶ᠎ᠡ  ᠶᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠶᠣᠰᠣᠭᠠᠷ ᠭᠠᠵᠠᠷ ᠬᠡᠷᠡᠭᠯᠡᠬᠦ ᠲᠦᠷᠦ  ᠶᠢᠨ ᠪᠤᠳᠤᠯᠭ᠎ᠠ  ᠶᠢᠨ ᠤᠬᠠᠭᠤᠯᠭ᠎ᠠ ᠶᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠥᠷᠨᠢᠭᠦᠯᠵᠦ᠂ ᠤᠯᠠᠨ ᠲᠦᠮᠡᠨ  ᠤ ᠬᠠᠤᠯᠢ ᠲᠣᠭᠲᠠᠭᠠᠯ ᠶᠣᠰᠣᠭᠠᠷ ᠭᠠᠵᠠᠷ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠵᠦ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ ᠨᠢᠭᠡ ᠶᠢ ᠪᠠᠷᠢᠮᠵᠢᠶ᠎ᠠ ᠳᠤ ᠬᠦᠷᠦᠭᠦᠯᠵᠦ᠂ ᠨᠢᠭᠡ ᠶᠢ ᠪᠠᠬᠢᠵᠢᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦᠩ ᠪᠡᠶᠡᠯᠡᠭᠦᠯᠬᠦ ᠬᠡᠷᠡᠭᠲᠡᠢ᠃ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号