ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/21
      4 ᠰᠠᠷ᠎ᠠ  ᠶᠢᠨ 18  ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ  ᠤᠨ ᠱᠦᠵᠢ᠂ ᠰᠢᠶᠠᠨ ᠤ ᠳᠠᠷᠤᠭ᠎ᠠ ᠯᠢᠦ ᠶᠠᠩ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ  ᠤᠨ ᠬᠤᠷᠠᠯ ᠵᠢᠴᠢ 2025 ᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠵᠤ᠂ ᠰᠢᠶᠠᠨ ᠤ ᠤᠳᠤᠷᠢᠳᠤᠯᠭ᠎ᠠ ᠶᠠᠩ ᠡᠾᠦ᠋ᠢ ᠮᠢᠨ᠂ ᠴᠠᠩ ᠪᠦᠦ ᠴᠧᠩ᠂ ᠶᠠᠩ ᠼᠦᠨ ᠰᠢᠤ᠂ ᠯᠢ ᠯᠢᠶᠠᠩ᠂ ᠮᠢᠶᠣᠣ ᠺᠦᠢ ᠬᠤᠷᠠᠯ ᠳᠤ ᠣᠷᠣᠯᠴᠠᠪᠠ᠃
4cfb890a8a43e2b69f8f54564362cccf_W020250421380255260998.png
      ᠬᠤᠷᠠᠯ  ᠠᠴᠠ 3 ᠰᠠᠷ᠎ᠠ ᠶᠢᠨ 31 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ  ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ  ᠶᠢᠨ ᠲᠤᠬᠠᠶ ᠴᠢᠬᠤᠯᠠ ᠥᠭᠦᠯᠡᠯᠲᠡ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ᠂ ᠶᠡᠷᠦᠩᠬᠡᠶ ᠱᠦᠵᠢ ᠰᠢ ᠶᠢᠨ ᠫᠢᠩ᠂ ᠯᠢ ᠴᠢᠶᠠᠩ ᠶᠡᠷᠦᠩᠬᠡᠶ ᠰᠠᠶᠢᠳ ᠤᠨ ᠰᠧᠴᠤᠸᠠᠨ ᠤ ᠢ ᠪᠢᠨ ᠬᠤᠲᠠ ᠶᠢᠨ ᠶᠦᠨ ᠯᠢᠶᠠᠨ ᠰᠢᠶᠠᠨ ᠤ ᠠᠭᠤᠯᠠ ᠶᠡᠭᠦᠷᠡᠭᠰᠡᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠪᠠ᠃      ᠯᠢᠦ ᠶᠠᠩ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
ffa0b6b79ed2c2fa96096384787069e0_W020250421380255287779.png
      ᠬᠤᠷᠠᠯ ᠠᠴᠠ ᠴᠢᠩᠭᠠᠳᠬᠠᠭᠰᠠᠨ ᠨᠢ᠂ ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ  ᠶᠢᠨ ᠫᠢᠩ  ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠡᠷᠡᠰ ᠨᠢᠭᠡᠳᠬᠡᠵᠦ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠦᠵᠡᠯ ᠰᠠᠨᠠᠭᠠᠨ  ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦᠩ ᠴᠢᠩᠭᠠᠳᠬᠠᠬᠤ ᠬᠡᠷᠡᠭᠲᠡᠢ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ  ᠪᠠᠨ ᠦᠨᠡᠨ ᠬᠦ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠯᠤᠰ ᠬᠡᠳᠤ  ᠶᠢᠨ ᠬᠥᠭᠵᠢᠯᠲᠡ  ᠳᠤ ᠰᠠᠭᠤᠷᠢᠯᠠᠨ ᠠᠮᠢ ᠠᠬᠤᠢ  ᠶᠢᠨ ᠬᠠᠮᠠᠭᠠᠯᠠᠯᠲᠠ ᠶᠢᠨ ᠤᠷᠳᠤ ᠬᠤᠭᠤᠴᠠᠭᠠᠨ  ᠤ ᠪᠦᠲᠦᠮᠵᠢᠲᠡᠢ ᠠᠵᠢᠯ  ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠪᠠᠯᠭᠠᠰᠤ ᠲᠠᠯᠠᠪᠠᠢ᠂ ᠡᠯ᠎ᠡ ᠰᠠᠯᠠᠭ᠎ᠠ ᠮᠥᠴᠢᠷ᠂ ᠨᠡᠭᠡᠭᠡᠯᠲᠡ ᠶᠢᠨ ᠲᠣᠭᠤᠷᠢᠭ ᠨᠢ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠬᠤ ᠬᠡᠷᠡᠭᠲᠡᠶ︔ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ ᠨᠡᠶᠢᠭᠡᠮ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃
cf18cc573be61919045918facf11ec80_W020250421380255298973.png
      ᠬᠤᠷᠠᠯ ᠠᠴᠠ ᠪᠦᠬᠦ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ  ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠤᠰᠤᠳ ᠶᠠᠪᠤᠳᠠᠯ ᠢ ᠰᠤᠳᠤᠯᠪᠠ᠃      ᠲᠦᠩᠯᠢᠶᠣᠤ ᠶᠢᠨ ᠺᠠᠶᠢᠯᠦ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ  ᠶᠢᠨ ᠲᠣᠭᠤᠷᠢᠭ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ᠂ ᠡᠳ᠋ ᠤᠨ ᠵᠠᠰᠠᠭ  ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠪᠠᠶᠢᠭᠠᠯᠢ  ᠶᠢᠨ ᠡᠬᠢ ᠪᠠᠶᠠᠯᠢᠭ ᠤᠨ ᠲᠣᠪᠴᠢᠶ᠎ᠠ᠂ ᠨᠠᠮ ᠤᠨ ᠰᠤᠷᠭᠠᠭᠤᠯᠢ᠂ ᠬᠠᠮ ᠵᠠᠭᠤᠴᠢᠯᠠᠭᠤᠷ ᠤᠨ ᠲᠥᠪ ᠵᠡᠷᠭᠡ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ︵ᠡᠦ ᠶᠤᠸᠠᠢ ᠯᠢ ᠂ ᠴᠢᠨ ᠰᠢᠶᠤᠤ ᠪᠥᠸᠧ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号