ᠸᠠᠩ ᠹᠧᠩ ᠰᠧᠨ ᠪᠦᠯᠬᠦᠮ ᠳᠠᠭᠠᠭᠤᠯᠤᠨ ᠪᠡᠭᠡᠵᠢᠩ ᠬᠤᠲᠠ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/4/21
      4 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠪᠦᠯᠬᠦᠮ ᠳᠠᠭᠠᠭᠤᠯᠤᠨ ᠪᠡᠭᠡᠵᠢᠩ ᠬᠤᠲᠠ᠂ ᠲᠠᠩᠱᠠᠨ ᠬᠤᠲᠠ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠠᠯᠲᠠᠨᠬᠦᠦ᠂ ᠰᠢᠶᠠᠨ ᠤ ᠣᠷᠣᠨ ᠪᠦᠰᠡ  ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠯᠦ ᠱᠧᠩ ᠺᠣᠮᠫᠠᠨᠢ ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃      ᠪᠡᠭᠡᠵᠢᠩ ᠬᠤᠲᠠ ᠳᠤ᠂ ᠸᠠᠩ ᠹᠧᠩ ᠰᠧᠨ ᠨᠡᠷ ᠶᠦᠨ ᠶᠤᠸᠠᠨ ᠴᠢᠦᠢ ︵ᠪᠡᠭᠡᠵᠢᠩ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠤᠯᠠᠭᠠᠨ ᠬᠠᠲᠠᠭᠠᠭᠰᠠᠨ ᠯᠠᠵᠤᠤ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠢᠴᠢ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠬᠠᠮᠲᠤᠷᠠᠯᠴᠠᠭᠠᠨ ᠤ ᠵᠠᠭᠪᠤᠷ ᠤᠨ ᠲᠤᠬᠠᠶ ᠭᠦᠨᠵᠡᠭᠡᠶ ᠵᠥᠪᠳᠡᠯᠴᠡᠭᠡ ᠬᠢᠭᠰᠡᠨ ᠪᠥᠭᠡᠳ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠪᠠ ᠬᠢᠨᠠᠨ ᠵᠥᠪᠰᠢᠶᠡᠷᠡᠬᠦ ᠦᠢᠯᠡᠴᠢᠯᠡᠭᠡ ᠵᠡᠷᠭᠡ ᠠᠰᠠᠭᠤᠳᠠᠯ  ᠤᠨ ᠲᠤᠬᠠᠶ ᠨᠢᠭᠡᠳ ᠨᠢᠭᠡ  ᠪᠠᠷ ᠬᠠᠷᠢᠭᠤᠯᠲᠠ ᠥᠭᠴᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠲᠥᠷᠥᠯ ᠵᠦᠢᠯ  ᠢ ᠨᠠᠶᠢᠳᠠᠪᠤᠷᠢᠵᠢᠭᠤᠯᠬᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ  ᠶᠢ ᠦᠨᠡᠨ ᠬᠦ ᠪᠠᠲᠤᠯᠠᠨ᠎ᠠ ᠭᠡᠵᠦ ᠲᠣᠳᠣᠷᠬᠠᠶ ᠢᠯᠡᠳᠬᠡᠪᠡ᠃ ᠠᠵᠤ ᠠᠬᠤᠶᠢᠯᠠᠯ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠺᠠᠶᠢᠯᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃
d1d7fabe914fdbc41f27d5f5d3d80397_W020250421380252904361.png
      ᠲᠠᠩᠱᠠᠨ ᠬᠤᠲᠠ ᠳᠤ᠂ ᠸᠠᠩ ᠹᠧᠩ ᠰᠧᠨ ᠨᠠᠷ ᠹᠧᠩ ᠲᠢᠶᠠᠨ ᠪᠦᠦ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠺᠣᠮᠫᠠᠨᠢ ᠶᠢᠨ ᠰᠤᠳᠤᠯᠤᠨ ᠨᠡᠭᠡᠭᠡᠬᠦ ᠲᠥᠪ᠂ ᠦᠢᠯᠡᠳᠪᠦᠷᠢᠯᠡᠯ ᠤᠨ ᠱᠤᠭᠤᠮ ᠵᠢᠴᠢ ᠬᠤᠣᠷ ᠦᠭᠡᠢ ᠪᠣᠯᠭᠠᠨ ᠰᠢᠢᠳᠪᠦᠷᠢᠯᠡᠬᠦ ᠦᠢᠯᠡᠳᠪᠦᠷᠢ ᠶᠢ ᠲᠤᠬᠠᠢ  ᠶᠢᠨ ᠭᠠᠵᠠᠷ ᠲᠤᠨᠢ ᠲᠣᠭᠤᠷᠢᠨ ᠦᠵᠡᠵᠦ᠂ ᠹᠧᠩ ᠲᠢᠶᠠᠨ ᠪᠦᠦ ᠺᠣᠮᠫᠠᠨᠢ ᠶᠢᠨ ᠬᠥᠷᠥᠰᠥ ᠰᠢᠷᠣᠢ ᠶᠢ ᠰᠠᠶᠢᠵᠢᠷᠠᠭᠤᠯᠬᠤ ᠮᠡᠷᠭᠡᠵᠢᠯ ᠵᠡᠷᠭᠡ ᠲᠠᠯ᠎ᠠ  ᠶᠢᠨ ᠰᠤᠳᠤᠯᠤᠨ ᠨᠡᠭᠡᠭᠡᠬᠦ ᠠᠬᠢᠴᠠ ᠶᠢ ᠨᠠᠷᠢᠨ ᠣᠶᠢᠯᠠᠭᠠᠬᠤ ᠶᠢᠨ ᠬᠠᠮᠲᠤ ᠺᠣᠮᠫᠠᠨᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ  ᠪᠠᠷ ᠬᠢ ᠣᠷᠣᠭᠤᠯᠤᠯᠲᠠ ᠪᠠ ᠦᠷ᠎ᠡ ᠪᠦᠲᠦᠭᠡᠯ ᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃ ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠸᠠᠩ ᠹᠧᠩ ᠰᠧᠨ ᠺᠠᠶᠢᠯᠦ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠵᠢᠴᠢ ᠮᠢᠺᠷᠣᠪ ᠤᠨ ᠣᠷᠭᠠᠨᠢᠭ ᠪᠤᠷᠳᠤᠭᠤᠷ  ᠤᠨ ᠵᠠᠬ᠎ᠠ ᠳᠡᠯᠭᠡᠭᠦᠷ ᠤᠨ ᠬᠡᠷᠡᠭᠯᠡᠯᠲᠡ ᠶᠢᠨ ᠪᠠᠶᠢᠳᠠᠯ ᠵᠡᠷᠭᠡ ᠲᠠᠯ᠎ᠠ ᠶᠢᠨ ᠳᠠᠪᠠᠭᠤᠯᠢᠭ ᠢ ᠭᠤᠣᠯᠳᠠᠯᠭ᠎ᠠ ᠲᠠᠢ ᠲᠠᠨᠢᠯᠴᠠᠭᠤᠯᠬᠤ ᠶᠢᠨ ᠬᠠᠮᠲᠤ᠂ ᠰᠢᠩᠭᠡᠨ ᠪᠡᠶᠡᠲᠦ ᠪᠠᠭᠠᠰᠤᠨ ᠪᠣᠬᠢᠷᠲᠤᠯ ᠢ ᠥᠨᠳᠥᠷ ᠪᠦᠲᠦᠮᠵᠢᠲᠡᠢ ᠪᠠᠷ ᠠᠰᠢᠭᠯᠠᠬᠤ ᠣᠷᠭᠠᠨᠢᠭ ᠪᠤᠷᠳᠤᠭᠤᠷ ᠤᠨ ᠲᠦᠷᠦᠯ ᠵᠦᠢᠯ ᠨᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠰᠢᠩᠭᠡᠨ ᠪᠡᠶᠡᠲᠦ ᠪᠠᠭᠠᠰᠤᠨ ᠪᠣᠬᠢᠷᠲᠤᠯ  ᠤᠨ ᠡᠬᠢ ᠪᠠᠶᠠᠯᠢᠭ  ᠢ ᠥᠨᠳᠥᠷ ᠪᠦᠲᠦᠮᠵᠢᠲᠡᠢ ᠠᠰᠢᠭᠯᠠᠬᠤ  ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠺᠠᠶᠢᠯᠦ ᠰᠢᠶᠠᠨ ᠤ ᠥᠷᠨᠢᠭᠦᠯᠦᠭᠰᠡᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠠᠷᠢᠮᠵᠢᠶᠠᠵᠢᠭᠤᠯᠤᠯᠲᠠ ᠶᠢ ᠠᠬᠢᠭᠤᠯᠬᠤ ᠳᠤ ᠳᠡᠭᠡᠳᠦ ᠬᠡᠮᠵᠢᠶ᠎ᠡ ᠪᠠᠷ ᠲᠣᠬᠢᠷᠠᠯᠴᠠᠵᠤ᠂ ᠬᠤᠶᠠᠷ ᠲᠠᠯ᠎ᠠ ᠪᠠᠷ ᠢᠶᠠᠨ ᠰᠢᠩᠭᠡᠨ ᠪᠡᠶᠡᠲᠦ ᠪᠠᠭᠠᠰᠤᠨ ᠪᠣᠬᠢᠷᠲᠤᠯ ᠤᠨ ᠡᠬᠢ ᠪᠠᠶᠠᠯᠢᠭ ᠢ ᠠᠰᠢᠭᠯᠠᠬᠤ ᠲᠦᠷᠦᠯ ᠵᠦᠢᠯ ᠤᠨ ᠲᠠᠯ᠎ᠠ ᠪᠠᠷ ᠬᠠᠮᠲᠤᠷᠠᠯᠴᠠᠭ᠎ᠠ ᠬᠢᠵᠦ᠂ ᠬᠤᠣᠰ ᠠᠮᠵᠢᠯᠲᠠ ᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠸᠠᠩ ᠹᠧᠩ ᠰᠧᠨ ᠨᠡᠷ ᠪᠠᠰᠠ ᠠᠪᠲ᠋ᠢᠯ ᠠᠯᠺᠣᠣᠯ ᠨᠠᠳ᠋ᠷᠢ ᠶᠢᠨ ᠲᠦᠷᠦᠯ ᠵᠦᠢᠯ ᠲᠠᠢ ᠵᠣᠯᠭᠠᠭᠤᠯᠤᠭᠰᠠᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠦᠷᠦᠯ ᠵᠦᠢᠯ ᠤᠨ ᠭᠠᠵᠠᠷ ᠰᠢᠷᠣᠢ ᠶᠢᠨ ᠬᠡᠷᠡᠭᠯᠡᠯᠲᠡ᠂ ᠪᠡᠯᠡ ᠣᠷᠣᠭᠤᠯᠤᠯᠲᠠ ᠶᠢᠨ ᠬᠡᠪᠴᠢᠶ᠎ᠡ᠂ ᠣᠨ ᠤ ᠦᠢᠯᠡᠳᠬᠦᠨ ᠤ ᠦᠷᠳᠡᠭ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠨᠥᠯᠥᠭᠡ ᠵᠡᠷᠭᠡ ᠵᠦᠢᠯᠡᠰ ᠤᠨ ᠲᠤᠬᠠᠢ ᠰᠠᠨᠠᠯ ᠢᠶᠠᠨ ᠰᠣᠯᠢᠯᠴᠠᠪᠠ᠃ ᠠᠵᠤ ᠠᠬᠤᠶᠢᠯᠠᠯ  ᠤᠨ ᠬᠠᠷᠢᠭᠤᠴᠠᠯᠭᠠᠲᠠᠨ ᠢᠯᠡᠳᠬᠡᠭᠰᠡᠨ ᠨᠢ᠂ ᠺᠠᠶᠢᠯᠦ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠵᠦᠶ ᠵᠣᠬᠢᠰᠲᠠᠶ᠂ ᠰᠡᠳᠬᠢᠴᠡ ᠲᠣᠳᠣᠷᠬᠠᠶ ᠪᠠᠶᠢᠵᠤ᠂ ᠠᠵᠤ ᠠᠬᠤᠶᠢᠯᠠᠯ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠺᠠᠶᠢᠯᠦ ᠰᠢᠶᠠᠨ ᠲᠠᠢ ᠨᠠᠩ ᠣᠯᠠᠨ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠦᠨ᠎ᠡ᠃ ᠸᠠᠩ ᠹᠧᠩ ᠰᠧᠨ ᠢᠯᠡᠳᠬᠡᠭᠰᠡᠨ ᠨᠢ᠂ ᠺᠠᠶᠢᠯᠦ ᠰᠢᠶᠠᠨ ᠬᠠᠮᠤᠭ ᠤᠨ ᠶᠡᠭᠡ ᠦᠨᠡᠨᠴᠢ ᠰᠡᠳᠬᠢᠯ᠂ ᠬᠠᠮᠤᠭ  ᠤᠨ ᠰᠢᠯᠢᠳᠡᠭ ᠣᠷᠴᠢᠨ ᠲᠣᠭᠤᠷᠢᠨ ᠢᠶᠠᠷ ᠵᠠᠯᠭᠠᠮᠵᠢ ᠠᠵᠢᠯ ᠤᠨ ᠠᠬᠢᠴᠠ ᠶᠢ ᠲᠠᠰᠤᠷᠠᠯᠲᠠ ᠦᠭᠡᠢ ᠠᠬᠢᠭᠤᠯᠤᠨ᠎ᠠ ᠃ ᠠᠵᠤ ᠠᠬᠤᠶᠢᠯᠠᠯ ᠡᠭᠦᠨ ᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠪᠥᠭᠡᠳ ᠣᠶᠢᠷ᠎ᠠ ᠶᠢᠨ ᠬᠤᠭᠤᠴᠠᠭᠠᠨ ᠳᠤ ᠪᠦᠯᠬᠦᠮ ᠵᠣᠬᠢᠶᠠᠨ ᠪᠠᠶᠢᠭᠤᠯᠵᠤ ᠺᠠᠶᠢᠯᠦ ᠰᠢᠶᠠᠨ ᠳᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠤᠨ᠎ᠠ ᠭᠡᠵᠦ ᠢᠯᠡᠳᠬᠡᠪᠡ᠃ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号