ᠯᠢᠦ ᠶᠠᠩ ᠰᠢᠶᠤᠤ ᠵᠢᠶᠧ ᠵᠢᠶ ᠪᠠᠯᠭᠠᠰᠤᠨ ᠳᠤ ᠬᠦᠷᠴᠦ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/23
      4 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ ᠰᠢᠶᠤᠤ ᠵᠢᠶᠧ ᠵᠢᠢ ᠪᠠᠯᠭᠠᠰᠤᠨ  ᠳᠤ ᠬᠦᠷᠴᠦ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠰᠢᠶᠤᠤ ᠵᠢᠶᠧ ᠵᠢᠢ ᠪᠠᠯᠭᠠᠰᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠣᠷᠣᠯᠴᠠᠪᠠ᠃
6f88548c69d34aff11bd3c9f5a1b815e_W020250423375502062290.png
      ᠵᠦᠡᠭ ᠺᠧ ᠬᠢᠶᠠᠭ ᠡᠪᠡᠰᠦᠨ ᠤ ᠰᠠᠭᠤᠷᠢᠨ ᠳᠤ᠂ ᠯᠢᠦ ᠶᠠᠩ ᠦᠷ᠎ᠡ ᠪᠤᠶᠢᠵᠢᠭᠤᠯᠬᠤ᠂ ᠲᠡᠵᠢᠭᠡᠯ ᠡᠪᠡᠰᠦ ᠲᠠᠷᠢᠬᠤ᠂ ᠠᠵᠤ ᠦᠢᠯᠡᠰ ᠤᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠲᠡᠷᠡ ᠵᠢᠭᠠᠭᠰᠠᠨ ᠨᠢ᠂ ᠬᠢᠶᠠᠭ ᠡᠪᠡᠰᠦᠨ ᠤ ᠠᠵᠤ ᠦᠢᠯᠡᠰ ᠤᠨ ᠬᠥᠭᠵᠢᠯᠲᠡ  ᠶᠢ ᠠᠬᠢᠭᠤᠯᠬᠤ ᠨᠢ ᠣᠷᠣᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ᠂ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ  ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠢᠰᠲ᠋ᠧᠮᠳᠦ ᠰᠡᠳᠬᠢᠬᠦᠢ ᠪᠠᠷ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ  ᠶᠢ ᠰᠠᠶᠢᠲᠤᠷ ᠬᠢᠵᠦ᠂ ᠡᠪᠡᠰᠦᠨ ᠤ ᠦᠢᠯᠡᠰ ᠤᠨ ᠦᠢᠯᠡᠴᠢᠯᠡᠭᠡ᠂ ᠦᠢᠯᠡᠳᠬᠦᠨ ᠤ ᠨᠡᠭᠡᠭᠡᠨ ᠬᠥᠭᠵᠢᠭᠦᠯᠦᠯᠲᠡ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠵᠡᠷᠭᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠡᠯᠬᠢᠶ᠎ᠡ  ᠶᠢ ᠤᠷᠲᠤᠳᠬᠠᠵᠤ᠂ ᠪᠡᠯᠴᠢᠭᠡᠷ ᠤᠨ ᠮᠠᠯ ᠠᠵᠤ ᠠᠬᠤᠢ  ᠶᠢᠨ ᠪᠦᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ ᠪᠠ ᠦᠷ᠎ᠡ ᠪᠦᠲᠦᠭᠡᠯ  ᠢ ᠣᠨᠳᠣᠣᠰᠢᠭᠤᠯᠬᠤ  ᠶᠢ ᠴᠢᠩᠭᠠᠳᠬᠠᠵᠤ᠂ ᠰᠢᠨᠵᠢᠯᠡᠬᠦ ᠤᠬᠠᠭᠠᠨ  ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ  ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠲᠦᠷᠦᠯ ᠵᠦᠢᠯ  ᠢ ᠭᠤᠣᠯᠳᠠᠯᠭ᠎ᠠ  ᠲᠠᠢ ᠰᠤᠳᠤᠯᠤᠨ ᠨᠡᠭᠡᠭᠡᠵᠦ᠂ ᠲᠡᠷᠢᠭᠦᠨ  ᠤ ᠮᠡᠷᠭᠡᠵᠢᠯ  ᠢ ᠣᠷᠣᠭᠤᠯᠤᠨ ᠠᠪᠴᠢᠷᠠᠵᠤ᠂ ᠠᠮᠢ ᠠᠬᠤᠢ᠂ ᠠᠵᠤ ᠠᠬᠤᠢ᠂ ᠨᠡᠶᠢᠭᠡᠮ  ᠤᠨ ᠦᠷ᠎ᠡ ᠠᠰᠢᠭ  ᠤᠨ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃
a84b25e1e3d1a849a5a3006aa3d59ab2_W020250423375502089925.png
      ᠤᠮᠠᠷᠠᠲᠤ ᠭᠤᠸᠠᠨ ᠶᠢᠨ ᠬᠤᠤ ᠲᠣᠰᠬᠤᠨ ᠳᠤ᠂ ᠯᠢᠦ ᠶᠠᠩ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠷᠠᠯ ᠢ ᠠᠷᠢᠯᠭᠠᠬᠤ︾ ᠠᠵᠢᠯ  ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠭᠰᠠᠨ ᠨᠢ᠂ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠭᠤᠣᠯ  ᠤᠨ ᠵᠠᠮ  ᠢ ᠳᠤᠷ᠎ᠠ ᠪᠠᠷ  ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠠᠰᠠᠭᠤᠳᠠᠯ  ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠥᠳᠡᠯᠦᠩᠭᠦᠢ ᠲᠣᠭᠤᠷᠢᠨ ᠪᠠᠶᠢᠴᠠᠭᠠᠬᠤ ᠲᠦᠷᠢᠮ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ  ᠶᠢ ᠪᠠᠶᠢᠭᠤᠯᠵᠤ᠂ ᠰᠠᠭᠤᠷᠢ ᠲᠤᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠤᠴᠢᠷ ᠰᠢᠯᠲᠠᠭᠠᠨ  ᠢ ᠡᠮᠬᠢᠯᠡᠵᠦ᠂ ᠴᠡᠭᠴᠡᠯᠡᠨ ᠵᠠᠰᠠᠬᠤ ᠠᠵᠢᠯ  ᠳᠤ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ᠂ ᠭᠤᠣᠯ ᠤᠨ ᠵᠠᠮ ᠤᠨ ᠰᠠᠭᠠᠳ ᠦᠭᠡᠢ ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠃      ᠯᠢᠶᠠᠨ ᠮᠧᠩ ᠲᠣᠰᠬᠤᠨ᠂ ᠵᠣᠣ ᠭᠧᠨ ᠲᠣᠰᠬᠤᠨ ᠳᠤ᠂ ᠯᠢᠦ ᠶᠠᠩ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ  ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠭᠡᠰᠢᠭᠦᠳ ᠢ ᠳᠣᠲᠣᠨᠣ  ᠪᠠᠷ ᠲᠣᠬᠤᠨᠢᠭᠤᠯᠪᠠ᠃ ᠲᠡᠷᠡ ᠴᠢᠩᠭᠠᠳᠬᠠᠭᠰᠠᠨ ᠨᠢ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ  ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠰᠦᠢᠳᠭᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ  ᠳᠤ ᠴᠢᠩᠭ᠎ᠠ ᠴᠣᠬᠢᠯᠲᠠ ᠥᠭᠴᠦ᠂ ᠬᠢᠯᠪᠡᠷ ᠪᠤᠰᠤ ᠪᠠᠷ ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠡᠷᠡᠰ ᠬᠠᠮᠠᠭᠠᠯᠠᠬᠤ ᠬᠡᠷᠡᠭᠲᠡᠢ ᠃ ᠬᠥᠮᠦᠨ  ᠢᠶᠠᠷ ᠰᠡᠷᠭᠡᠶᠢᠯᠡᠬᠦ ᠪᠠ ᠮᠡᠷᠭᠡᠵᠢᠯ  ᠢᠶᠠᠷ ᠰᠡᠷᠭᠡᠶᠢᠯᠡᠬᠦ ᠶᠢ ᠵᠡᠷᠭᠡᠪᠡᠷ ᠬᠦᠴᠦᠯᠡᠬᠦ  ᠶᠢ ᠴᠢᠩᠭᠠᠳᠬᠠᠵᠤ᠂ ᠲᠣᠣᠷᠵᠢᠭᠤᠯᠤᠭᠰᠠᠨ ᠲᠣᠭᠤᠷᠢᠨ ᠬᠠᠮᠠᠭᠠᠯᠠᠬᠤ᠂ ᠵᠢᠯᠣᠭᠤᠴᠢ ᠦᠭᠡᠢ ᠨᠢᠰᠬᠡᠯ ᠢᠶᠠᠷ ᠲᠣᠭᠤᠷᠢᠨ ᠪᠠᠶᠢᠴᠠᠭᠠᠬᠤ᠂ ᠤᠶᠤᠨᠴᠢᠯᠠᠭᠰᠠᠨ ᠬᠢᠨᠠᠨ ᠡᠵᠡᠮᠳᠡᠬᠦ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠦᠬᠦᠯᠢ ᠡᠳᠦᠷ ᠢᠶᠠᠷ ᠪᠠᠶᠢᠯᠭᠠᠬᠤ᠂ ᠪᠦᠬᠦᠨ ᠢ ᠬᠠᠮᠤᠷᠤᠨ ᠬᠢᠨᠠᠨ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠢ᠃ ︵ᠵᠠᠰᠠᠭ ᠤᠨ ᠣᠷᠳᠣᠨ ᠤ ᠠᠯᠪᠠᠨ ᠭᠡᠷ ᠠᠴᠠ ᠡᠬᠡ ᠪᠢᠴᠢᠭ ᠬᠠᠩᠭᠠᠪᠠ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号