4 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ︽ | ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠳ᠋ᠦᠩ ᠹᠧᠩ ᠪᠠᠯᠭᠠᠰᠤ᠂ ᠵᠢᠷᠭᠠᠯᠠᠩᠲᠤ ᠪᠠᠯᠭᠠᠰᠤ᠂ ᠳ᠋ᠦᠩ ᠯᠠᠶ | ᠪᠠᠯᠭᠠᠰᠤ᠂ ᠶᠡᠬᠡᠲᠠᠯ᠎ᠠ ᠪᠠᠯᠭᠠᠰᠤ᠂ ᠺᠠᠶᠢᠯᠦ ᠪᠠᠯᠭᠠᠰᠤᠨ ᠳᠤ ᠭᠦᠨᠵᠡᠭᠡᠶᠢᠷᠡᠵᠦ᠂ ᠣᠶ ᠰᠢᠭᠤᠶ ᠡᠪᠡᠰᠦ ᠪᠡᠯᠴᠢᠭᠡᠷ ᠢ | ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ | ᠣᠷᠴᠢᠨ ᠠᠬᠤᠶ ᠶᠢᠨ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠬᠠᠮᠢᠶ᠎ᠠ | ᠪᠥᠬᠦᠶ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠶᠣᠤ᠂ ᠡᠯ᠎ᠡ ᠪᠠᠯᠭᠠᠰᠤᠨ ᠤ ᠭᠤᠣᠯ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | | ᠸᠠᠩ ᠹᠧᠩ ᠰᠧᠨ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ | ᠣᠶᠢᠯᠠᠭᠠᠵᠤ᠂ ᠡᠯ᠎ᠡ ᠪᠠᠯᠭᠠᠰᠤᠨ ᠤ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠬᠦᠴᠢᠷᠳᠡᠯ ᠨᠡᠯᠢᠶᠡᠳ ᠶᠡᠭᠡ | ᠪᠠᠶᠢᠭ᠎ᠠ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠢᠷᠤᠭ ᠤᠨ ᠲᠣᠯᠪᠤ ᠶᠢᠨ ᠴᠡᠭᠴᠡᠯᠡᠨ | ᠰᠠᠶᠢᠵᠢᠷᠠᠭᠤᠯᠬᠤ ᠠᠬᠢᠴᠠ᠂ ᠴᠡᠭᠴᠡᠯᠡᠨ ᠵᠠᠰᠠᠬᠤ ᠲᠥᠯᠥᠪᠯᠡᠭᠡ ᠪᠠ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠡᠷᠭᠡ | ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠭᠴᠡᠯᠡᠨ ᠰᠠᠶᠢᠵᠢᠷᠠᠭᠤᠯᠬᠤ ᠳᠤ | ᠣᠷᠣᠰᠢᠵᠤ ᠪᠠᠶᠢᠭ᠎ᠠ ᠬᠦᠴᠢᠷ ᠠᠰᠠᠭᠤᠳᠠᠯ ᠳᠤ ᠴᠢᠭᠯᠡᠭᠦᠯᠦᠨ᠂ ᠡᠯ᠎ᠡ ᠪᠠᠯᠭᠠᠰᠤ ᠲᠠᠢ ᠬᠠᠮᠲᠤ ᠪᠠᠷ ᠠᠷᠭᠠᠴᠠᠬᠤ | ᠪᠣᠳᠣᠯᠭ᠎ᠠ ᠶᠢ ᠰᠤᠳᠤᠯᠵᠤ᠂ ᠲᠤᠬᠠᠢ ᠶᠢᠨ ᠲᠠᠯᠠᠪᠤᠷ ᠲᠤᠨᠢ ᠠᠰᠠᠭᠤᠳᠠᠯ ᠢ ᠰᠢᠢᠳᠪᠦᠷᠢᠯᠡᠪᠡ᠃ | | | | | | ᠸᠠᠩ ᠹᠧᠩ ᠰᠧᠨ ᠬᠡᠯᠡᠭᠰᠡᠨ ᠨᠢ᠂ ᠣᠳᠣᠬᠠᠨ ᠳᠤ ᠪᠣᠯ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠦᠢᠯᠡ | ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠂ ᠡᠯ᠎ᠡ ᠪᠠᠯᠭᠠᠰᠤ ᠲᠠᠯᠠᠪᠠᠶ᠂ | ᠬᠠᠮᠢᠶ᠎ᠠ ᠪᠦᠬᠦᠢ ᠰᠠᠯᠠᠭ᠎ᠠ ᠮᠥᠴᠢᠷ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠯᠭᠠᠮ᠎ᠠ ᠴᠢᠨᠠᠷ ᠪᠠ | ᠴᠢᠬᠤᠯᠠ ᠴᠢᠨᠠᠷ ᠢ ᠭᠦᠨᠵᠡᠭᠡᠶ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠲᠠᠶᠢᠯᠬᠤ ᠰᠡᠳᠬᠢᠬᠦᠢ ᠲᠠᠢ ᠪᠠᠶᠢᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠠᠷᠭ᠎ᠠ | ᠪᠦᠬᠦᠨ ᠢ ᠰᠦᠪᠡᠭᠴᠢᠯᠡᠨ᠂ ᠳᠠᠷᠤᠯᠲᠠ ᠥᠭᠴᠦ ᠡᠷᠡᠯᠬᠡᠭᠯᠡᠨ ᠲᠡᠮᠡᠴᠡᠵᠦ᠂ ᠦᠯᠡᠳᠡᠭᠡᠯ ᠪᠠᠶᠢᠳᠠᠯ ᠢ ᠠᠷᠢᠯᠭᠠᠨ᠂ | ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠶᠡᠷᠦᠩᠬᠡᠶ ᠳᠠᠶᠢᠯᠠᠯᠳᠤᠭᠠᠨ ᠢ | ᠡᠷᠡᠰ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ︽ᠬᠠᠳᠠᠭᠠᠯᠠᠭᠳᠠᠴᠠ ᠶᠢ ᠪᠠᠭᠠᠰᠬᠠᠬᠤ︾ ᠪᠠᠷ ᠬᠦᠴᠦᠯᠡᠵᠦ᠂ | ᠵᠢᠷᠤᠭ ᠤᠨ ᠲᠣᠯᠪᠤ ᠶᠢᠨ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠵᠢᠷᠤᠭ ᠤᠨ | ᠲᠣᠯᠪᠤ ᠶᠢ ᠨᠢᠭᠡ ᠨᠢᠭᠡ ᠪᠠᠷ ᠰᠤᠳᠤᠯᠵᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠭᠠᠯ ᠠᠴᠠ ᠵᠥᠷᠢᠴᠡᠨ ᠨᠤᠷᠠᠭᠠᠬᠤ᠂ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠡᠷᠭᠡ ᠠᠵᠢᠯ ᠢ ᠲᠦᠷᠭᠡᠬᠡᠨ ᠵᠣᠬᠢᠶᠠᠨ ᠪᠠᠶᠢᠭᠤᠯᠤᠨ ᠠᠬᠢᠭᠤᠯᠵᠤ᠂ | ᠴᠡᠭᠴᠡᠯᠡᠨ ᠰᠠᠶᠢᠵᠢᠷᠠᠭᠤᠯᠵᠤ ᠪᠡᠶᠡᠯᠡᠭᠦᠯᠬᠦ ᠶᠢ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠭᠦᠨ ᠤ | ᠬᠠᠮᠲᠤ᠂ ᠣᠶᠢᠲᠤ ᠭᠠᠵᠠᠷ ᠤᠨ ᠰᠢᠨᠵᠢ ᠴᠢᠨᠠᠷ ᠤᠨ ᠤᠯᠠᠭᠠᠨ ᠱᠤᠭᠤᠮ ᠢ ᠭᠤᠶᠢᠪᠢᠰᠢ ᠥᠬᠡᠶ ᠰᠠᠬᠢᠵᠤ᠂ ᠣᠶᠢᠲᠤ | ᠭᠠᠵᠠᠷ ᠤᠨ ᠬᠡᠷᠡᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠣᠶ ᠮᠣᠳᠣ ᠣᠭᠲᠣᠯᠬᠤ ᠰᠢᠨᠡᠴᠢᠯᠡᠯᠲᠡ ᠶᠢᠨ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠣᠶ ᠮᠣᠳᠣ ᠠᠮᠤ ᠪᠤᠳᠠᠭ᠎ᠠ ᠠᠯᠠᠭᠯᠠᠨ ᠲᠠᠷᠢᠬᠤ ᠦᠢᠯᠡ | ᠠᠵᠢᠯᠯᠠᠭ᠎ᠠ ᠶᠢ ᠪᠥᠬᠦ ᠲᠠᠯ᠎ᠠ ᠪᠠᠷ ᠴᠠᠭᠠᠵᠠᠯᠠᠬᠤ ᠬᠡᠷᠡᠭᠲᠡᠢ᠃ ︽ᠨᠡᠮᠡᠭᠳᠡᠯ ᠢ ᠬᠤᠷᠢᠭᠯᠠᠬᠤ︾ ᠶᠢ ᠡᠷᠡᠰ ᠬᠤᠷᠢᠭᠯᠠᠵᠤ᠂ | ᠲᠣᠭᠤᠷᠢᠨ ᠬᠠᠮᠠᠭᠠᠯᠠᠵᠤ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠪᠠᠯᠭᠠᠰᠤ ᠲᠣᠰᠬᠤᠨ ᠬᠤᠶᠠᠷ | ᠱᠠᠲᠤ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠢ ᠶᠢᠨ ᠠᠵᠢᠯᠲᠠᠨ ᠤ ᠬᠦᠴᠦᠨ ᠢ ᠰᠠᠶᠢᠲᠤᠷ ᠵᠣᠬᠢᠶᠠᠨ ᠪᠠᠶᠢᠭᠤᠯᠵᠤ | ᠂ ︽ᠲᠣᠣᠷ ᠬᠤᠯᠪᠣᠭᠠᠯᠠᠨ ᠬᠥᠳᠡᠯᠦᠯᠴᠡᠵᠦ ᠬᠥᠳᠡᠯᠦᠩᠭᠦᠶ ᠲᠣᠭᠤᠷᠢᠨ ᠴᠠᠭᠳᠠᠬᠤ ᠪᠠ ᠴᠡᠭ ᠲᠤ ᠰᠠᠭᠤᠵᠤ | ᠮᠡᠷᠭᠡᠵᠢᠯ ᠤᠨ ᠰᠡᠷᠭᠡᠶᠢᠯᠡᠯᠲᠡ ᠶᠢ ᠬᠢᠨᠠᠨ ᠬᠡᠮᠵᠢᠬᠦ︾ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠴᠢᠩᠭ᠎ᠠ | ᠰᠡᠷᠭᠡᠶᠢᠯᠡᠵᠦ ᠦᠬᠦᠨ ᠰᠠᠬᠢᠬᠤ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠡᠯ᠎ᠡ ᠲᠥᠷᠥᠯ ᠤᠨ | ᠣᠶ ᠰᠢᠭᠤᠶ ᠡᠪᠡᠰᠦ ᠪᠡᠯᠴᠢᠭᠡᠷ ᠢ ᠡᠪᠳᠡᠬᠦ ᠦᠢᠯᠡ ᠠᠵᠢᠯᠯᠠᠭ᠎ᠠ ᠳᠤ ᠴᠤᠬᠤᠶᠢᠪᠠᠯ ᠴᠣᠬᠢᠯᠲᠠ ᠥᠭᠬᠦ᠂ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠬᠦ᠂ ᠲᠦᠷᠭᠡᠨ ᠪᠠᠶᠢᠴᠠᠭᠠᠵᠤ ᠲᠦᠷᠭᠡᠨ ᠰᠢᠢᠳᠪᠦᠷᠢᠯᠡᠬᠦ ᠶᠢ ᠪᠠᠷᠢᠮᠲᠠᠯᠠᠨ᠂ | ᠲᠣᠭᠲᠠᠭᠠᠯ ᠠᠴᠠ ᠵᠥᠷᠢᠴᠡᠨ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠠᠰᠠᠭᠤᠳᠠᠯ ᠡᠭᠦᠰᠬᠦ ᠶᠢ ᠡᠷᠡᠰ | ᠬᠤᠷᠢᠭᠯᠠᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠡᠷᠡᠭ ᠢᠶᠠᠷ | ᠬᠠᠤᠯᠢ ᠶᠢ ᠲᠠᠶᠢᠯᠪᠤᠷᠢᠯᠠᠬᠤ ᠶᠢ ᠭᠦᠨᠵᠡᠭᠡᠶᠢᠷᠡᠭᠦᠯᠦᠨ᠂ ᠨᠤᠲᠤᠭ ᠪᠡᠯᠴᠢᠭᠡᠷ ᠤᠨ ᠠᠮᠢᠳᠤ ᠰᠣᠷᠭᠤᠭ ᠬᠡᠷᠡᠭ ᠤᠨ | ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠣᠯᠠᠨ ᠲᠦᠮᠡᠨ ᠳᠤ ᠣᠶ ᠰᠢᠭᠤᠶ ᠡᠪᠡᠰᠦ ᠪᠡᠯᠴᠢᠭᠡᠷ ᠢ | ᠡᠪᠳᠡᠬᠦ ᠦᠢᠯᠡ ᠠᠵᠢᠯᠯᠠᠭ᠎ᠠ ᠶᠢᠨ ᠠᠰᠢᠭ ᠬᠤᠤᠷ ᠤᠨ ᠬᠠᠷᠢᠴᠠᠭ᠎ᠠ ᠶᠢ ᠲᠣᠳᠣᠷᠬᠠᠶ ᠲᠠᠶᠢᠯᠪᠤᠷᠢᠯᠠᠨ ᠥᠭᠴᠦ᠂ | ᠬᠥᠮᠦᠨ ᠪᠦᠬᠦᠨ ᠳᠤᠷ᠎ᠠ ᠪᠠᠷ ᠢᠶᠠᠨ ᠣᠶ ᠰᠢᠭᠤᠶ᠂ ᠨᠤᠲᠤᠭ ᠪᠡᠯᠴᠢᠭᠡᠷ ᠲᠠᠢ ᠬᠠᠯᠳᠠᠵᠤ ᠴᠢᠳᠠᠬᠤ ᠦᠭᠡᠢ ᠠᠭᠤᠷ | ᠠᠮᠢᠰᠬᠤᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃ | ᠸᠠᠩ ᠹᠧᠩ ᠰᠧᠨ ᠬᠡᠯᠡᠭᠰᠡᠨ ᠨᠢ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢ ᠲᠥᠪ ᠴᠢᠩᠭ᠎ᠠ ᠤᠯᠤᠰ ᠲᠦᠷᠦ ᠶᠢᠨ | ᠡᠭᠦᠷᠭᠡ ᠪᠣᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠴᠠᠭ ᠲᠤᠨᠢ ᠲᠤᠬᠢᠷᠠᠭᠤᠯᠤᠨ ︽ᠡᠷᠬᠢᠨ | ᠬᠠᠷᠠᠬᠤ︾ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ | ᠵᠠᠯᠠᠷᠠᠭᠤᠯᠬᠤ᠂ ᠳᠤᠲᠠᠭᠤ ᠪᠠᠨ ᠪᠠᠶᠢᠴᠠᠭᠠᠵᠤ ᠳᠤᠲᠠᠭᠤᠳᠠᠯ ᠢᠶᠠᠨ ᠨᠥᠬᠦᠪᠥᠷᠢᠯᠡᠬᠦ ᠶᠢ ᠭᠦᠨᠵᠡᠭᠡᠢ ᠥᠷᠨᠢᠭᠦᠯᠵᠦ᠂ | ᠡᠷᠡᠰ ᠰᠢᠭᠤᠷᠬᠠᠢ ᠣᠪᠣᠷ᠂ ᠬᠦᠴᠦᠲᠡᠢ ᠠᠷᠭ᠎ᠠ ᠬᠡᠮᠵᠢᠶ᠎ᠡ ᠪᠠᠷ ᠡᠯ᠎ᠡ ᠲᠦᠷᠦᠯ ᠤᠨ ᠠᠰᠠᠭᠤᠳᠠᠯ ᠢ ᠦᠨᠡᠨᠬᠦ | ᠪᠣᠳᠠᠲᠠᠢ ᠳᠤ ᠨᠠᠶᠢᠳᠠᠪᠤᠷᠢᠵᠢᠭᠤᠯᠵᠤ᠂ ᠲᠦᠢᠯᠪᠤᠷᠢᠲᠠᠢ ᠥᠭᠡᠷᠡᠴᠢᠯᠡᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠭᠡᠯ ᠨᠢ ᠴᠠᠭ ᠬᠤᠭᠤᠴᠠᠭ᠎ᠠ ᠪᠣᠯᠤᠨ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ | ᠬᠡᠷᠡᠭᠲᠡᠢ ᠃ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠨ︾ ᠠᠰᠠᠭᠤᠳᠠᠯ ᠢ ᠴᠡᠭᠴᠡᠯᠡᠨ ᠵᠠᠰᠠᠵᠤ | ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠡᠬᠢ ᠡᠭᠦᠰᠦᠯ | ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠣᠷᠴᠢᠨ | ᠲᠣᠭᠤᠷᠢᠨ ᠤ ᠶᠠᠰᠤ ᠴᠢᠨᠠᠷ ᠤᠨ ᠲᠣᠭᠲᠠᠭᠤᠨ ᠤ ᠳᠤᠮᠳᠠ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠭᠠᠳᠬᠠᠵᠤ | ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ᠂ ᠬᠠᠷᠢᠯᠴᠠᠨ ᠲᠦᠯᠬᠢᠯᠴᠡᠬᠦ ᠺᠠᠳ᠋ᠷ ᠠᠴᠠ ᠰᠠᠬᠢᠯᠭ᠎ᠠ ᠪᠠᠲᠤ | ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠰᠠᠬᠢᠯᠭ᠎ᠠ ᠪᠠᠲᠤ ᠶᠢ ᠴᠢᠩᠳᠠᠯᠠᠬᠤ ᠪᠠᠷ ᠠᠵᠢᠯ ᠢᠶᠠᠨ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ︵ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠠᠴᠠ ᠡᠬᠡ | ᠪᠢᠴᠢᠭ ᠬᠠᠩᠭᠠᠪᠠ︶ | | |