ᠰᠤᠷᠪᠤᠯᠵᠢᠯᠠᠭᠰᠠᠨ ᠴᠠᠭ᠄ 2024.04.24 | ᠰᠤᠷᠪᠤᠯᠵᠢᠯᠠᠭᠰᠠᠨ ᠵᠣᠴᠢᠨ᠄ ᠺᠠᠶᠢᠯᠦ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠵᠧᠦ ᠯᠧ | ᠠᠭᠤᠯᠠᠭ᠎ᠠ᠄ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠠᠬᠢᠨ ᠲᠠᠰ | ᠳᠡᠪᠰᠢᠭᠦᠯᠵᠦ᠂ ᠠᠷᠠᠳ ᠲᠤ ᠲᠥᠬᠦᠮ ᠦᠵᠡᠭᠦᠯᠬᠦ ᠴᠣᠩᠬᠤ ᠶᠢ ᠭᠠᠷ ᠲᠤ | ᠪᠠᠷᠢᠭᠳᠠᠮ᠎ᠠ ᠪᠣᠯᠭᠠᠨ᠎ᠠ | | ᠬᠥᠲᠥᠯᠥᠭᠴᠢ᠄ ᠰᠦᠯᠵᠢᠶᠡᠨ ᠤ ᠨᠠᠶᠢᠵᠠ ᠨᠠᠷ ᠰᠠᠶᠢᠨ ᠪᠠᠶᠢᠨ᠎ᠠ ᠤᠤ᠂ ᠥᠨᠥᠳᠦᠷ ᠪᠢᠳᠡ ᠺᠠᠶᠢᠯᠦ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠶᠢᠨ | ᠭᠡᠰᠢᠭᠦᠨ ᠵᠧᠦ ᠯᠧ ᠨᠥᠬᠦᠷ ᠢ ᠤᠷᠢᠵᠤ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ | ᠳᠡᠭᠡᠷᠡᠬᠢ ᠰᠤᠷᠪᠤᠯᠵᠢᠯᠠᠭ᠎ᠠ ᠶᠠᠪᠤᠭᠤᠯᠤᠨ᠎ᠠ᠃ ᠲᠣᠰ ᠬᠤᠭᠤᠴᠠᠭᠠᠨ ᠳᠤ ᠭᠤᠤᠯᠳᠠᠭᠤ ᠪᠥᠬᠦ ᠰᠢᠶᠠᠨ ᠤ | ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠤᠨ ᠳᠤᠮᠳᠠᠬᠢ ᠬᠡᠳᠦᠨ | ᠠᠰᠠᠭᠤᠳᠠᠯ ᠳᠤ ᠰᠤᠷᠪᠤᠯᠵᠢᠯᠠᠨ ᠶᠠᠷᠢᠯᠴᠠᠬᠤ ᠪᠣᠯᠣᠨ᠎ᠠ ᠃ | ᠵᠧᠦ ᠳᠡᠳ᠋ ᠱᠦᠵᠢ ᠄ ᠬᠥᠲᠥᠯᠦᠭᠴᠢ ᠰᠠᠶᠢᠨ ᠤᠤ᠂ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠰᠠᠶᠢᠨ | ᠪᠠᠶᠢᠨ᠎ᠠ ᠤᠤ ᠂ ᠪᠢ ᠪᠣᠯ ᠺᠠᠶᠢᠯᠦ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ | ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠵᠧᠤ ᠯᠧ ᠪᠣᠯᠣᠨ᠎ᠠ᠂ ᠡᠩ ᠲᠡᠷᠢᠭᠦᠨ ᠳᠤ ᠮᠠᠨ ᠤ ᠰᠢᠶᠠᠨ ᠤ | ᠳᠣᠲᠣᠭᠠᠳᠤ ᠶᠢ ᠬᠠᠮᠠᠭᠠᠯᠠᠬᠤ ᠠᠵᠢᠯ ᠳᠤ ᠠᠩᠬᠠᠷᠤᠯ ᠲᠠᠯᠪᠢᠵᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠥᠨᠥᠳᠥᠷ | ᠰᠦᠯᠵᠢᠶᠡᠨ ᠤ ᠰᠣᠷᠪᠤᠯᠵᠢᠯᠠᠭ᠎ᠠ ᠳᠤ ᠣᠷᠣᠯᠴᠠᠵᠤ ᠂ ᠤᠯᠠᠨ ᠲᠠᠢ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠢᠶᠠᠨ ᠰᠣᠯᠢᠯᠴᠠᠭᠰᠠᠨ ᠳᠠᠭᠠᠨ ᠲᠤᠩ ᠪᠠᠶᠠᠷ ᠲᠠᠢ ᠪᠠᠶᠢᠨ᠎ᠠ ᠃ | ᠬᠥᠲᠥᠯᠦᠭᠴᠢ ᠄ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ | ᠵᠧᠦ ᠳᠡᠳ᠋ ᠱᠦᠵᠢ ᠄ ᠨᠢᠭᠡ ᠳᠤ ᠴᠠᠭᠳᠠᠭᠠᠨ ᠤ ᠲᠥᠷᠥᠯ ᠤᠨ ᠬᠢᠵᠠᠭᠠᠷᠯᠠᠯ ᠢ ᠡᠪᠳᠡᠪᠡ᠃ ᠳᠣᠲᠣᠭᠠᠳᠤ ᠶᠢ | ᠬᠠᠮᠠᠭᠠᠯᠠᠬᠤ ᠡᠷᠦᠬᠡ ᠶᠢᠨ ᠶᠠᠪᠤᠳᠠᠯ᠂ ᠵᠠᠮ ᠬᠠᠷᠢᠯᠴᠠᠭᠠᠨ ᠤ ᠬᠠᠮᠢᠶᠠᠷᠤᠯᠲᠠ᠂ ᠠᠮᠤᠷ ᠢ ᠬᠠᠮᠠᠭᠠᠯᠠᠬᠤ ᠵᠡᠷᠭᠡ 145 | ᠵᠦᠢᠯ ᠤᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠭᠰᠡᠨ ᠴᠣᠩᠬᠤᠨ ᠳᠤ ᠣᠷᠣᠭᠤᠯᠵᠤ᠂ ᠴᠠᠭᠳᠠᠭᠠᠨ ᠤ ᠲᠥᠷᠥᠯ ᠤᠨ | ᠪᠠᠬᠢᠯᠡᠯᠲᠡ ᠶᠢ ᠡᠪᠳᠡᠵᠦ᠂ ᠴᠠᠭᠳᠠᠭᠠᠨ ᠤ ᠶᠠᠪᠤᠳᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ | ᠲᠦᠮᠡᠨ ᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ ᠲᠦᠮᠡᠨ ᠢ ᠨᠢᠭᠡ | ᠴᠣᠩᠬᠤᠪᠴᠢ ᠳᠤ ᠢᠯᠭᠠᠭ᠎ᠠ ᠥᠬᠡᠶ ᠣᠯᠠᠨ ᠴᠠᠭᠳᠠᠭᠠᠨ ᠤ ᠲᠥᠷᠥᠯ ᠤᠨ ᠲᠤᠬᠠᠶᠢᠯᠠᠭᠰᠠᠨ ᠠᠵᠢᠯ ᠢ ᠭᠥᠯᠢᠶᠡᠨ | ᠠᠪᠴᠤ ᠰᠢᠢᠳᠪᠦᠷᠢᠯᠡᠵᠦ᠂ ︽ᠴᠠᠭᠳᠠᠭᠠᠨ ᠤ ᠲᠥᠷᠥᠯ ᠢ ᠡᠷᠢᠬᠦ ᠥᠬᠡᠶ᠂ ᠣᠷᠣᠨ ᠪᠦᠰᠡ ᠶᠢ ᠰᠠᠯᠭᠠᠬᠤ ᠥᠬᠡᠶ᠂ | ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠶᠢ ᠪᠡᠶᠡᠯᠡᠭᠦᠯᠪᠡ᠃ | ᠬᠤᠶᠠᠷ ᠲᠤ᠂ ᠣᠷᠣᠨ ᠪᠦᠰᠡ ᠶᠢᠨ ᠬᠢᠵᠠᠭᠠᠷᠯᠠᠯ ᠢ ᠡᠪᠳᠡᠪᠡ᠃ ᠨᠠᠰᠤᠲᠠᠶᠢᠴᠤᠳ᠂ ᠵᠡᠮᠳᠡᠭᠴᠦᠳ ᠵᠡᠷᠭᠡ | ᠣᠨᠴᠠᠭᠠᠶ ᠬᠠᠮᠲᠤᠯᠢᠭ ᠲᠤ ᠴᠢᠭᠯᠡᠭᠦᠯᠦᠨ᠂ ᠳᠣᠲᠣᠭᠠᠳᠤ ᠶᠢ ᠬᠠᠮᠠᠭᠠᠯᠠᠬᠤ ᠴᠣᠩᠬᠤᠪᠴᠢ ᠪᠠᠷ ︽ᠬᠡᠷ ᠲᠤᠨᠢ ᠬᠦᠷᠴᠦ | ᠦᠶ᠋ᠯᠡᠴᠢᠯᠡᠬᠦ︾ ᠭᠠᠷᠭᠠᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠣᠯᠠᠨ ᠲᠦᠮᠡᠨ ᠳᠤ ᠴᠦ ᠳᠥᠭᠦᠮ ᠳᠥᠲᠡ | ᠳᠣᠲᠣᠭᠠᠳᠤ ᠶᠢ ᠬᠠᠮᠠᠭᠠᠯᠠᠬᠤ ᠤᠶᠢᠯᠡᠴᠢᠯᠡᠭᠡ ᠬᠦᠷᠳᠡᠭᠡᠪᠡ᠃ | ᠭᠤᠷᠪᠠ ᠳᠤ᠂ ᠴᠠᠭ ᠤᠨ ᠬᠢᠵᠠᠭᠠᠷᠯᠠᠯ ᠢ ᠡᠪᠳᠡᠪᠡ᠃ ︽ᠴᠠᠭ ᠢ ᠤᠷᠲᠤᠳᠬᠠᠭᠰᠠᠨ ᠦᠢᠯᠡᠴᠢᠯᠡᠭᠡ︾ ᠪᠠ ︽ | ᠴᠠᠭ ᠢ ᠵᠥᠷᠢᠭᠦᠯᠦᠭᠰᠡᠨ ᠦᠢᠯᠡᠴᠢᠯᠡᠭᠡ︾ ᠶᠢ ᠬᠡᠷᠡᠭᠵᠢᠭᠦᠯᠵᠦ᠂ ︽ᠠᠮᠠᠷᠠᠯᠲᠠ ᠶᠢᠨ ᠲᠤᠰᠬᠠᠢ ᠦᠢᠯᠡᠴᠢᠯᠡᠭᠡ︾᠂ ︽ | ᠰᠤᠷᠭᠠᠭᠤᠯᠢ ᠡᠬᠢᠯᠡᠬᠦ ᠲᠤᠰᠬᠠᠢ ᠦᠢᠯᠡᠴᠢᠯᠡᠭᠡ︾ ᠭᠠᠷᠭᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ | ᠴᠠᠭ ᠲᠤᠬᠠᠢ ᠳᠤᠨᠢ ᠬᠠᠷᠢᠭᠤᠯᠲᠠ ᠥᠭᠴᠦ᠂ ︽ᠠᠵᠢᠯ ᠤᠨ ᠪᠠᠶᠢᠷᠢᠨ ᠳᠤ ᠭᠠᠷᠪᠠᠯ ᠴᠢᠯᠦᠭᠡ ᠵᠠᠪ ᠪᠠᠶᠢᠬᠤ ᠦᠭᠡᠢ᠂ | ᠠᠵᠢᠯ ᠠᠴᠠ ᠪᠠᠭᠤᠭᠰᠠᠨ ᠤ ᠳᠠᠷᠠᠭ᠎ᠠ ᠭᠦᠢᠴᠡᠳᠭᠡᠬᠦ ᠭᠠᠵᠠᠷ ᠦᠭᠡᠢ ᠪᠠᠶᠢᠬᠤ ︾ ᠵᠡᠷᠭᠡ ᠬᠦᠴᠢᠷ ᠠᠰᠠᠭᠤᠳᠠᠯ ᠢ | ᠰᠢᠢᠳᠪᠦᠷᠢᠯᠡᠵᠦ᠂ ᠦᠢᠯᠡᠴᠢᠯᠡᠭᠡ ᠶᠢ ᠨᠡᠩ ᠳᠣᠲᠣᠨᠣ᠂ ᠨᠡᠩ ᠬᠥᠮᠦᠨᠴᠢ ᠴᠢᠨᠠᠷ ᠲᠠᠢ ᠪᠣᠯᠭᠠᠪᠠ᠃ | ᠬᠥᠲᠥᠯᠦᠭᠴᠢ᠄ ︽ᠨᠢᠭᠡ ᠥᠷᠲᠡᠭᠡᠨ ᠤ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠮᠢᠯᠠᠭᠰᠠᠨ ᠰᠠᠯᠪᠤᠷᠢ ᠪᠠ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠭᠡᠬᠦ︾ ᠶᠡᠷᠦᠩᠬᠡᠶᠢᠯᠡᠭᠰᠡᠨ | ᠴᠣᠩᠬᠤᠪᠴᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠣᠳᠠᠲᠠᠶ ᠪᠠᠶᠢᠳᠠᠯ ᠨᠢ ᠶᠠᠮᠠᠷ ᠪᠣᠶ︖ | ᠵᠧᠦ ᠳᠡᠳ᠋ ᠱᠦᠵᠢ ᠄ ᠺᠠᠶᠢᠯᠦ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠷᠢᠶᠠᠲᠤ ᠣᠷᠣᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ 13 ᠰᠠᠭᠤᠷᠢ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠨᠢᠭᠡ ᠴᠣᠭᠴᠠᠲᠤ ᠮᠠᠰᠢᠨ︾ ᠬᠤᠳᠠᠯᠳᠤᠨ ᠠᠪᠴᠤ᠂ ᠡᠷᠦᠬᠡ ᠠᠮᠠ᠂ ᠵᠠᠮ | ᠬᠠᠷᠢᠯᠴᠠᠭᠠᠨ ᠤ ᠬᠠᠮᠢᠶᠠᠷᠤᠯᠲᠠ᠂ ᠠᠮᠤᠷ ᠢ ᠬᠠᠮᠠᠭᠠᠯᠠᠬᠤ ᠵᠡᠷᠭᠡ ᠡᠯ᠎ᠡ ᠴᠠᠭᠳᠠᠭᠠᠨ ᠤ ᠲᠥᠷᠥᠯ ᠤᠨ ᠲᠤᠬᠠᠶᠢᠯᠠᠭᠰᠠᠨ | ᠠᠵᠢᠯ ᠤᠨ ᠰᠢᠰᠲ᠋ᠧᠮ ᠤᠨ ᠢᠵᠢ ᠪᠥᠷᠢᠳᠦᠭᠰᠡᠨ ᠬᠥᠮᠦᠨ ᠤ ᠵᠢᠷᠤᠭ ᠰᠡᠭᠦᠳᠡᠷ᠂ ᠬᠤᠷᠤᠭᠤᠨ ᠣᠷᠣᠮ ᠴᠤᠭᠯᠠᠭᠤᠯᠬᠤ | ᠂ ᠥᠨᠳᠥᠷ ᠰᠡᠭᠦᠳᠡᠷᠯᠡᠨ ᠰᠢᠷᠪᠢᠬᠦ᠂ ᠦᠨᠡᠮᠯᠡᠯ ᠣᠩᠰᠢᠬᠤ᠂ ᠭᠠᠷ ᠤᠨ ᠥᠰᠥᠭ ᠵᠢᠷᠤᠬᠤ᠂ ᠳᠠᠷᠤᠮᠠᠯᠯᠠᠬᠤ ᠵᠡᠷᠭᠡ | ᠭᠠᠳᠠᠭᠰᠢ ᠭᠥᠯᠢᠶᠡᠨ ᠠᠪᠬᠤ ᠲᠥᠬᠦᠭᠡᠷᠦᠮᠵᠢ ᠶᠢ ᠥᠨᠳᠥᠷ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠭᠠᠳᠠᠭᠰᠢ | ᠭᠥᠯᠢᠶᠡᠨ ᠠᠪᠬᠤ ᠲᠥᠬᠦᠭᠡᠷᠦᠮᠵᠢ ᠶᠢᠨ ᠬᠠᠷᠢᠯᠴᠠᠨ ᠵᠣᠬᠢᠴᠠᠯᠳᠤᠬᠤ ᠠᠰᠠᠭᠤᠳᠠᠯ ᠢ ᠦᠨᠡᠨ ᠬᠦ ᠰᠢᠢᠳᠪᠤᠷᠢᠯᠡᠵᠦ᠂ ︽ | ᠨᠢᠭᠡ ᠢᠵᠢ ᠲᠥᠬᠦᠭᠡᠷᠦᠮᠵᠢ᠂ ᠨᠢᠭᠡ ᠤᠳᠠᠭ᠎ᠠ ᠴᠤᠭᠯᠠᠭᠤᠯᠬᠤ᠂ ᠪᠥᠬᠦ ᠴᠠᠭᠳᠠᠭ᠎ᠠ ᠬᠠᠮᠲᠤ ᠪᠠᠷ ᠡᠳ᠋ᠯᠡᠬᠦ︾ ᠶᠢ | ᠪᠡᠶᠡᠯᠡᠭᠦᠯᠵᠦ᠂ ᠨᠢᠭᠡ ᠢᠵᠢ ᠲᠥᠬᠦᠭᠡᠷᠦᠮᠵᠢ ᠶᠢ ᠪᠣᠶ ᠪᠥᠬᠦᠶ ᠴᠠᠭᠳᠠᠭᠠᠨ ᠤ ᠲᠥᠷᠥᠯ ᠤᠨ ᠲᠤᠬᠠᠶᠢᠯᠠᠭᠰᠠᠨ ᠠᠵᠢᠯ ᠢ | ᠭᠦᠢᠴᠡᠳᠭᠡᠬᠦ ᠬᠡᠷᠡᠭᠴᠡᠭᠡ ᠶᠢ ᠬᠠᠩᠭᠠᠵᠤ᠂ ᠪᠥᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠢ ᠤᠶᠤᠨᠴᠢᠯᠠᠭᠰᠠᠨ᠂ ᠳᠥᠭᠦᠮ ᠳᠥᠲᠡ᠂ ᠡᠷᠴᠢᠮᠵᠢᠭᠦᠯᠦᠭᠰᠡᠨ ᠬᠥᠭᠵᠢᠯᠲᠡ ᠳᠤ ᠰᠠᠭᠤᠷᠢ ᠲᠠᠯᠪᠢᠵᠤ | ᠥᠭᠴᠡᠶ᠃ ᠣᠳᠣᠬᠠᠨ ᠳᠤ᠂ 13 ︽ᠨᠢᠭᠡ ᠴᠣᠭᠴᠠᠲᠤ ᠮᠠᠰᠢᠨ︾ ᠢ ᠴᠥᠮ ᠤᠭᠰᠠᠷᠠᠨ ᠳᠠᠭᠤᠰᠬᠠᠭᠰᠠᠨ ᠪᠥᠭᠡᠳ | ᠬᠡᠪ ᠤᠨ ᠠᠰᠢᠬᠯᠠᠯᠲᠠ ᠳᠤ ᠬᠡᠷᠡᠭᠯᠡᠵᠦ᠂ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠤᠨ ᠶᠡᠷᠦᠩᠬᠡᠶᠢᠯᠡᠭᠰᠡᠨ ᠴᠣᠩᠬᠤᠨ ᠤ ᠡᠵᠡᠯᠡᠬᠦ ᠬᠠᠷᠢᠴᠠᠯ ᠢ 90% ᠠᠴᠠ ᠳᠡᠭᠡᠭᠰᠢ ᠳᠤ ᠬᠦᠷᠦᠭᠦᠯᠵᠦ᠂ | ᠲᠣᠮᠢᠯᠠᠭᠰᠠᠨ ᠰᠠᠯᠪᠤᠷᠢ ᠶᠢᠨ ᠶᠡᠷᠦᠩᠬᠡᠶᠢᠯᠡᠭᠰᠡᠨ ᠴᠣᠩᠬᠤᠨ ᠤ ᠡᠵᠡᠯᠡᠬᠦ ᠬᠠᠷᠢᠴᠠᠯ ᠢ 70% ᠠᠴᠠ ᠳᠡᠭᠡᠭᠰᠢ ᠳᠤ | ᠬᠦᠷᠦᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠤᠯᠠᠮ ᠨᠢᠭᠡ ᠠᠯᠬᠤᠮ ᠲᠥᠬᠦᠮ | ᠦᠵᠡᠭᠦᠯᠦᠭᠰᠡᠨ ᠪᠠᠶᠢᠨ᠎ᠠ᠃ | ᠬᠥᠲᠥᠯᠦᠭᠴᠢ ᠄ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠨᠢ ᠪᠦᠬᠦ | ᠨᠡᠶᠢᠭᠡᠮ ᠤᠨ ᠬᠠᠯᠠᠮᠵᠢᠯᠠᠯ ᠪᠠ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠥᠷᠭᠡᠨ ᠤᠯᠠᠨ ᠠᠷᠠᠳ | ᠲᠦᠮᠡᠨ ᠤ ᠢᠳᠡᠪᠬᠢᠲᠡᠢ ᠣᠷᠣᠯᠴᠠᠯᠭ᠎ᠠ ᠶᠢ ᠱᠠᠭᠠᠷᠳᠠᠵᠤ ᠪᠠᠶᠢᠨ᠎ᠠ᠃ ᠵᠧᠦ ᠯᠧ ᠲᠡᠳ᠋ ᠱᠦᠵᠢ ᠶᠢᠨ ᠡᠨᠡ ᠤᠳᠠᠭᠠᠨ ᠤ | ᠰᠤᠷᠪᠤᠯᠵᠢᠯᠠᠭ᠎ᠠ ᠳᠤ ᠣᠷᠣᠯᠴᠠᠭᠰᠠᠨ ᠳᠤ ᠲᠠᠯᠠᠷᠬᠠᠵᠤ ᠪᠠᠶᠢᠭ᠎ᠠ ᠪᠥᠭᠡᠳ ᠥᠷᠭᠡᠨ ᠣᠯᠠᠨ ᠨᠠᠶᠢᠵᠠ ᠨᠠᠷ ᠤᠨ | ᠬᠠᠯᠠᠮᠵᠢᠯᠠᠯ ᠪᠠ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠪᠢᠳᠡ ᠳᠠᠷᠠᠭ᠎ᠠ ᠤᠳᠠᠭ᠎ᠠ ᠪᠠᠶᠠᠷᠲᠠᠢ ᠠᠭᠤᠯᠵᠠᠶ᠎ᠠ᠃ | ᠵᠧᠦ ᠳᠡᠳ᠋ ᠱᠦᠵᠢ ᠄ ᠪᠠᠶᠠᠷᠲᠠᠢ︕ | |