ᠸᠠᠩ ᠹᠧᠩ ᠰᠧᠨ ᠠᠭᠤᠷᠬᠠᠶ ᠶᠢᠨ ᠨᠣᠭᠤᠭᠠᠷᠠᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠠᠷᠢᠮᠵᠢᠶᠠᠵᠢᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/25
      4 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠳ᠋ᠦᠩ ᠯᠠᠢ ᠪᠠᠯᠭᠠᠰᠤ᠂ ᠯᠢᠶᠣᠤ ᠾᠧ ᠲᠠᠷᠢᠶᠠᠯᠠᠩ ᠤᠨ ᠲᠠᠯᠠᠪᠠᠢ᠂ ᠪᠦᠦ ᠠᠨ ᠲᠠᠷᠢᠶᠠᠯᠠᠩ ᠤᠨ ᠲᠠᠯᠠᠪᠠᠢ ᠳᠤ ᠭᠦᠨᠵᠡᠭᠡᠶᠢᠷᠡᠨ ᠠᠭᠤᠷᠬᠠᠢ ᠶᠢᠨ ᠨᠣᠭᠤᠭᠠᠷᠠᠭᠤᠯᠤᠯᠲᠠ᠂ ᠲᠠᠷᠢᠶᠠᠯᠠᠩ ᠮᠠᠯ ᠠᠵᠤ ᠠᠬᠤᠢ  ᠶᠢᠨ ᠠᠵᠤ ᠦᠢᠯᠡᠰ ᠤᠨ ᠪᠠᠷᠢᠮᠵᠢᠶᠠᠵᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃
fdbce61c6626d07fddc7f204eefb8d33_W020250425341550315589.png
      ᠳ᠋ᠦᠩ ᠯᠠᠢ ᠪᠠᠯᠭᠠᠰᠤᠨ ᠳᠤ᠂ ᠸᠠᠩ ᠹᠧᠩ ᠰᠧᠨ ᠸᠠᠩ ᠯᠢ ᠳ᠋ᠠ ᠴᠠᠬᠢᠭᠤᠷ ᠤᠨ ᠡᠯᠡᠰᠦᠨ ᠤ ᠠᠭᠤᠷᠬᠠᠢ ᠶᠢᠨ ᠲᠠᠯᠠᠪᠠᠢ ᠳᠤ ᠬᠦᠷᠴᠦ ᠲᠤᠬᠠᠢ  ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠭᠤᠷᠬᠠᠢ ᠶᠢᠨ ᠠᠮᠢ ᠠᠬᠤᠢ  ᠶᠢ ᠰᠡᠷᠭᠦᠭᠡᠨ ᠵᠠᠰᠠᠬᠤ ᠲᠥᠰᠦᠯ ᠪᠣᠯᠤᠨ ᠨᠣᠭᠤᠭᠠᠷᠠᠭᠤᠯᠵᠤ ᠲᠠᠷᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠶᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠲᠤᠬᠠᠢ ᠶᠢᠨ ᠲᠠᠯᠠᠪᠤᠷ ᠲᠤ ᠵᠣᠬᠢᠴᠠᠭᠤᠯᠤᠨ ᠰᠢᠢᠳᠪᠦᠷᠢᠯᠡᠪᠡ᠃ ᠲᠡᠷᠡ ᠵᠢᠭᠠᠭᠰᠠᠨ ᠨᠢ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠪᠣᠯ ᠨᠢᠭᠡ ᠵᠦᠢᠯ ᠤᠨ ᠴᠢᠬᠤᠯᠠ ᠠᠮᠢ ᠠᠬᠤᠢ ᠶᠢᠨ ᠢᠨᠵᠧᠨᠧᠷᠢᠩ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠵᠤ ᠠᠬᠤᠶᠢᠯᠠᠯ ᠢ ᠵᠢᠯᠣᠭᠤᠳᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠲᠠᠢ ᠬᠠᠷᠢᠴᠠᠭᠤᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠵᠤ ᠰᠡᠷᠭᠦᠭᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠠᠭᠤᠷᠬᠠᠶ ᠶᠢᠨ ᠨᠣᠭᠤᠭᠠᠷᠠᠭᠤᠯᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠳ᠋ᠦᠩ ᠯᠠᠶ ᠪᠠᠯᠭᠠᠰᠤ ᠬᠠᠷᠢᠶ᠎ᠠ ᠭᠠᠵᠠᠷ  ᠤᠨ  ᠢᠶᠠᠨ ᠬᠢᠨᠠᠯᠲᠠ ᠬᠠᠮᠢᠶᠠᠷᠤᠯᠲᠠ  ᠶᠢᠨ ᠬᠠᠷᠢᠭᠤᠴᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠰᠡᠷᠭᠦᠭᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠶ᠃      ᠯᠢᠶᠣᠤ ᠾᠧ ᠲᠠᠷᠢᠶᠠᠯᠠᠩ ᠤᠨ ᠲᠠᠯᠠᠪᠠᠢ᠂ ᠪᠦᠦ ᠠᠨ ᠲᠠᠷᠢᠶᠠᠯᠠᠩ ᠤᠨ ᠲᠠᠯᠠᠪᠠᠢ ᠳᠤ᠂ ᠸᠠᠩ ᠹᠧᠩ ᠰᠧᠨ ᠤᠷᠢᠳ ᠬᠤᠵᠢᠳ ᠺᠠᠶᠢᠯᠦ ᠰᠢᠶᠠᠨ ᠤ ᠶᠦᠩ ᠰᠢᠩ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ᠂ ᠡᠾᠦ᠋ᠩ ᠮᠠᠨ ᠶᠤᠸᠠᠨ ᠲᠤᠰᠬᠠᠢ ᠬᠤᠷᠰᠢᠶ᠎ᠠ ᠳᠤ ᠬᠦᠷᠴᠦ᠂ ᠬᠤᠷᠰᠢᠶ᠎ᠠ ᠶᠢᠨ ᠬᠠᠷᠢᠭᠤᠴᠠᠯᠭᠠᠲᠠᠨ  ᠤ ᠠᠯᠠᠰᠢᠨ ᠬᠤᠨᠢ᠂ ᠠᠷᠤᠷᠠᠯᠢᠭ ᠵᠢᠮᠢᠰ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ  ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ ᠬᠡᠯᠡᠭᠰᠡᠨ ᠨᠢ᠂ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠪᠣᠯ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠣᠭᠤᠮᠢ ᠶᠢ ᠰᠢᠢᠳᠪᠦᠷᠢᠯᠡᠬᠦ ᠲᠤᠯᠭᠠᠮ᠎ᠠ ᠱᠠᠭᠠᠷᠳᠠᠯᠭ᠎ᠠ ᠮᠥᠨ᠂ ᠪᠠᠰᠠ ᠴᠤ ᠤᠯᠤᠰ ᠤᠨ ᠲᠠᠰ ᠤᠨ ᠶᠠᠰᠤ ᠴᠢᠨᠠᠷ ᠢᠶᠠᠷ ᠰᠢᠶᠠᠨ ᠢ ᠬᠦᠴᠦᠷᠬᠡᠭᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠡᠭᠦᠳᠴᠦ᠂ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠡᠯ᠎ᠡ ᠪᠠᠯᠭᠠᠰᠤ ᠲᠠᠯᠠᠪᠠᠢ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠷᠢᠶᠠᠴᠢᠨ ᠡᠷᠦᠬᠡ ᠶᠢ ᠵᠢᠯᠣᠭᠤᠳᠤᠨ ᠲᠣᠭᠲᠠᠭᠰᠠᠨ ᠪᠠᠷᠢᠮᠵᠢᠶ᠎ᠠ ᠶᠢᠨ ᠶᠠᠪᠤᠴᠠ ᠶᠢ ᠴᠢᠩᠭ᠎ᠠ ᠵᠢᠷᠤᠮᠯᠠᠨ᠂ ᠪᠦᠬᠦ ᠶᠠᠪᠤᠴᠠ ᠶᠢ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ︽ᠰᠠᠶᠢᠨ ᠦᠢᠯᠡᠳᠬᠦᠨ ᠢᠶᠠᠨ ᠰᠠᠶᠢᠨ ᠬᠤᠳᠠᠯᠳᠤᠬᠤ︾ ᠶᠢ ᠦᠨᠡᠨ ᠬᠦ ᠪᠠᠲᠤᠯᠠᠬᠤ ᠬᠡᠷᠡᠭᠲᠡᠶ᠃      ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠸᠠᠩ ᠹᠧᠩ ᠰᠧᠨ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ ᠬᠡᠷᠡᠭᠯᠡᠯᠲᠡ᠂ ᠬᠦᠷᠢᠶᠡᠨ ᠤ ᠠᠵᠤ ᠠᠬᠤᠢ ᠶᠢᠨ ᠬᠥᠭᠵᠢᠯᠲᠡ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠡᠷᠭᠡ ᠠᠵᠢᠯ ᠤᠨ ᠪᠠᠶᠢᠳᠠᠯ ᠢ ᠣᠶᠢᠯᠠᠭᠠᠵᠤ᠂ ᠵᠣᠯᠭᠠᠭᠤᠯᠬᠤ ᠪᠡᠯᠡ ᠮᠥᠩᠭᠦ ᠶᠢ ᠬᠢᠨᠠᠨ ᠬᠠᠮᠢᠶᠠᠷᠬᠤ ᠪᠠ ᠬᠡᠷᠡᠭᠯᠡᠬᠦ ᠶᠢ ᠴᠢᠩᠭᠠᠳᠬᠠᠵᠤ᠂ ᠪᠡᠯᠡ ᠮᠥᠩᠭᠦ ᠶᠢ ᠦᠨᠡᠨ ᠬᠦ ︽ᠵᠠᠩᠭᠢᠯᠠᠭ᠎ᠠ ᠶᠢᠨ ᠭᠠᠵᠠᠷ︾ ᠳᠡᠭᠡᠷ᠎ᠡ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠨᠡᠨ ᠬᠦ ᠬᠦᠴᠦᠨ ᠴᠢᠳᠠᠯ ᠣᠯᠭᠤᠵᠤ᠂ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ ᠃ ᠲᠣᠭᠤᠷᠢᠨ ᠬᠠᠮᠠᠭᠠᠯᠠᠵᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠢ ᠰᠢᠭᠤᠢ ᠨᠤᠲᠤᠭ ᠪᠡᠯᠴᠢᠭᠡᠷ  ᠢ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠩᠭᠠᠳᠬᠠᠪᠠ᠃ ︵ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠠᠴᠠ ᠡᠬᠡ ᠪᠢᠴᠢᠭ ᠬᠠᠩᠭᠠᠪᠠ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号