4 ᠰᠠᠷ᠎ᠠ ᠶᠢᠨ 27 ᠤ ᠡᠳᠦᠷ᠂ ︽ᠨᠡᠶᠢᠭᠡᠮ ᠤᠨ ᠰᠢᠨᠵᠢᠯᠡᠬᠦ ᠤᠬᠠᠭᠠᠨ ᠥᠪᠥᠷ ᠮᠣᠩᠭᠤᠯ ᠤᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ︾ ᠪᠠᠷ ᠭᠤᠤᠯ ᠰᠡᠳᠦᠪ ᠪᠣᠯᠭᠠᠭᠰᠠᠨ 2025 | ᠣᠨ ᠤ ᠲᠦᠩᠯᠢᠶᠣᠤ ᠬᠤᠲᠠ ᠶᠢᠨ ᠬᠤᠶᠠᠳᠤᠭᠠᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠠᠵᠢᠯᠯᠠᠭ᠎ᠠ ᠮᠠᠨ ᠤ ᠰᠢᠶᠠᠨ ᠳᠤ ᠶᠠᠪᠤᠭᠳᠠᠪᠠ᠃ ᠲᠦᠩᠯᠢᠶᠣᠤ ᠬᠤᠳᠠ ᠶᠢᠨ ᠨᠡᠶᠢᠭᠡᠮ ᠤᠨ | ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠾᠧ ᠴᠦᠨ ᠡᠾᠦ᠋ᠩ ᠠᠵᠢᠯᠯᠠᠭ᠎ᠠ ᠳᠤ ᠣᠷᠣᠯᠴᠠᠪᠠ᠃ | | | | | | ᠾᠧ ᠴᠦᠨ ᠡᠾᠦ᠋ᠩ ᠪᠠᠶᠠᠷ ᠤᠨ ᠦᠭᠡ ᠳᠡᠭᠡᠨ ᠵᠢᠭᠠᠭᠰᠠᠨ ᠨᠢ᠂ ᠲᠤᠰ ᠤᠳᠠᠭ᠎ᠠ ᠶᠢᠨ ᠨᠡᠶᠢᠭᠡᠮ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠪᠣᠯ ᠨᠠᠮ ᠤᠨ ᠰᠢᠨ᠎ᠡ ᠶᠢ ᠡᠭᠦᠳᠬᠦ ᠤᠨᠤᠯ ᠢ ᠤᠯᠠᠮᠵᠢᠯᠠᠬᠤ᠂ | ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠤᠯᠠᠨ ᠲᠦᠮᠡᠨ ᠤ ᠠᠮᠢᠳᠤᠷᠠᠯ ᠳᠤ ᠣᠷᠣᠭᠤᠯᠬᠤ ᠴᠢᠬᠤᠯᠠ | ᠠᠷᠭ᠎ᠠ ᠬᠡᠮᠵᠢᠶ᠎ᠡ ᠪᠣᠯᠤᠨ᠎ᠠ᠂ ᠮᠥᠨᠴᠦ ᠺᠠᠳ᠋ᠷ ᠤᠯᠠᠨ ᠲᠦᠮᠡᠨ ᠤ ᠬᠦᠴᠦᠨ ᠢ ᠨᠢᠭᠲᠠᠷᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ | ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠪᠣᠳᠠᠲᠠᠢ ᠶᠢ ᠡᠷᠬᠢᠮᠯᠡᠭᠰᠡᠨ | ᠠᠵᠢᠯᠯᠠᠭ᠎ᠠ ᠪᠣᠯᠤᠨ᠎ᠠ᠃ ᠲᠦᠩᠯᠢᠶᠣᠤ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠨᠠᠷᠢᠨ | ᠨᠢᠮᠪᠠᠶ ᠵᠢᠯᠣᠭᠤᠳᠣᠯᠭ᠎ᠠ ᠳᠣᠤᠷ᠎ᠠ᠂ ᠺᠠᠶᠢᠯᠦ ᠰᠢᠶᠠᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠯᠠᠪᠳᠠᠭᠤᠨ | ᠪᠠᠲᠤᠲᠠᠶ ᠠᠭᠢᠵᠤ᠂ ᠰᠣᠶᠣᠯ ᠤᠨ ᠪᠠᠶᠢᠭᠤᠯᠤᠯᠲᠠ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠺᠠᠶᠢᠯᠦ ᠰᠢᠶᠠᠨ | ᠲᠤᠰ ᠤᠳᠠᠭ᠎ᠠ ᠶᠢᠨ ᠠᠵᠢᠯᠯᠠᠭ᠎ᠠ ᠪᠠᠷ ᠰᠢᠨ᠎ᠡ ᠭᠠᠷᠤᠭ᠎ᠠ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠰᠢᠨ᠎ᠡ ᠶᠢ | ᠡᠭᠦᠳᠦᠨ ᠪᠣᠳᠠᠲᠠᠢ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠬᠦ ᠳᠡᠭᠡᠨ ᠴᠢᠳᠠᠮᠠᠭᠠᠢ ᠪᠠᠶᠢᠬᠤ ᠤᠶᠤᠨ ᠰᠠᠨᠠᠭᠠᠨ ᠤ | ᠳᠦᠷᠰᠦ ᠪᠠᠶᠢᠳᠠᠯ ᠢᠶᠠᠷ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ | ᠶᠢ ᠶᠡᠬᠡᠪᠡᠷ ᠪᠠᠳᠠᠷᠠᠭᠤᠯᠵᠤ᠂ ᠺᠠᠶᠢᠯᠦ ᠶᠢᠨ ᠰᠣᠶᠣᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ | ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠬᠦ᠂ ︽ᠵᠢᠷᠭᠤᠭᠠᠨ | ᠠᠵᠢᠯᠯᠠᠭ᠎ᠠ︾ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠺᠠᠶᠢᠯᠦ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠃ | | | | | | ᠲᠦᠩᠯᠢᠶᠣᠤ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ | ᠰᠢᠨᠵᠢᠯᠡᠬᠦ ᠤᠬᠠᠭᠠᠨᠴᠢ ᠣᠨᠣᠯ ᠤᠯᠠᠮᠵᠢᠯᠠᠬᠤ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ | ᠥᠷᠨᠢᠭᠦᠯᠬᠦ᠂ ᠨᠡᠶᠢᠭᠡᠮ ᠤᠨ ᠰᠢᠨᠵᠢᠯᠡᠬᠦ ᠤᠬᠠᠭᠠᠨ ᠤ ᠣᠶᠤᠨ ᠤᠬᠠᠭᠠᠨ ᠬᠦᠴᠦᠨ ᠴᠢᠳᠠᠯ ᠢ ᠪᠠᠳᠠᠷᠠᠭᠤᠯᠬᠤ ᠵᠡᠷᠭᠡ | ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠴᠤ᠂ ᠥᠪᠥᠷ ᠮᠣᠩᠭᠤᠯ ᠤᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠳᠤ ᠤᠯᠠᠮ ᠨᠢᠭᠡ ᠠᠯᠬᠤᠮ ᠬᠦᠴᠦᠨ ᠨᠡᠮᠡᠷᠢᠯᠡᠪᠡ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ | ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠵᠠᠬᠢᠷᠤᠯ | ᠴᠧᠨ ᠠᠢ ᠰᠢᠤᠸᠠᠢ ︽ᠴᠠᠭ ᠦᠶ᠎ᠡ ᠶᠢᠨ ᠪᠠᠶᠢᠳᠠᠯ ᠢ ᠡᠵᠡᠮᠳᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠠᠯᠬᠤᠮ ᠢ ᠠᠯᠬᠤᠶ᠎ᠠ︾ ᠭᠡᠬᠦ ᠰᠡᠳᠦᠪ ᠢᠶᠠᠷ ᠭᠤᠣᠯ ᠰᠡᠳᠦᠪᠲᠦ ᠮᠡᠳᠡᠭᠦᠯᠦᠯᠲᠡ ᠬᠢᠵᠦ᠂ | ᠴᠢᠨᠠᠷ ᠰᠠᠶᠢᠲᠠᠢ ᠬᠥᠭᠵᠢᠯᠲᠡ ᠶᠢᠨ ᠤᠨᠤᠯ ᠪᠣᠯᠤᠨ ᠠᠭᠤᠯᠤᠭᠳᠠᠬᠤᠨ᠂ ᠴᠢᠨᠠᠷ ᠰᠠᠶᠢᠲᠠᠢ ᠬᠥᠭᠵᠢᠯᠲᠡ ᠶᠢᠨ ᠥᠪᠥᠷ | ᠮᠣᠩᠭᠤᠯ ᠳᠠᠬᠢ ᠦᠢᠯᠡᠳᠦᠯᠭᠡ᠂ ᠲᠦᠩᠯᠢᠶᠣᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠦᠢᠯᠡᠳᠦᠯᠭᠡ ᠶᠢᠨ | ᠰᠦᠪᠡᠭᠴᠢᠯᠡᠯᠲᠡ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠯᠬᠤᠮ ᠢ ᠠᠯᠬᠤᠭᠰᠠᠨ | ᠲᠦᠷᠪᠡᠨ ᠲᠠᠯ᠎ᠠ ᠶᠢᠨ ᠲᠣᠭᠤᠷᠢᠨ ᠳᠤ᠂ ᠲᠦᠩᠯᠢᠶᠣᠤ ᠬᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠤᠢᠢᠯᠠᠭᠠᠨ ᠡᠵᠡᠮᠰᠢᠬᠦ ᠲᠤᠬᠠᠢ ᠪᠦᠬᠦ ᠲᠠᠯ᠎ᠠ ᠶᠢᠨ ᠰᠢᠰᠲ᠋ᠧᠮ ᠲᠠᠢ᠂ | ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠪᠡ᠃ | ᠲᠦᠩᠯᠢᠶᠣᠤ ᠬᠤᠳᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠮᠡᠳᠡᠭᠡ ᠵᠠᠩᠭᠢ ᠶᠢᠨ | ᠰᠤᠳᠤᠯᠭᠠᠨ ᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠢᠴᠢ ᠰᠢᠶᠠᠨ ᠤ ᠪᠠᠶᠢᠭᠤᠯᠭ᠎ᠠ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠡᠶᠢᠳᠡ 80 ᠭᠠᠷᠤᠢ | ᠬᠥᠮᠦᠨ ᠠᠵᠢᠯᠯᠠᠭ᠎ᠠ ᠳᠤ ᠣᠷᠣᠯᠴᠠᠪᠠ᠃ ︵ᠡᠦ ᠶᠤᠸᠠᠢ ᠯᠢ ᠂ ᠴᠢᠨ ᠰᠢᠶᠤᠤ ᠪᠥᠸᠧ ᠂ ᠵᠠᠩ ᠨᠠᠨ︶ | | |