ᠸᠠᠩ ᠹᠧᠩ ᠰᠧᠨ ᠪᠣᠬᠢᠷ ᠤᠰᠤ ᠶᠢ ᠰᠢᠢᠳᠪᠦᠷᠢᠯᠡᠬᠦ ᠢᠨᠵᠧᠨᠧᠷᠢᠩ ᠤᠨ ᠲᠦᠷᠦᠯ ᠵᠦᠢᠯ᠂ ᠵᠦᠩ ᠺᠧ ᠬᠢᠶᠠᠭ ᠡᠪᠡᠰᠦᠨ ᠤ ᠠᠵᠤ ᠦᠢᠯᠡᠰ ᠤᠨ ᠬᠥᠭᠵᠢᠯᠲᠡ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠵᠠᠰᠠᠬᠤ ᠵᠡᠷᠭᠡ ᠠᠵᠢᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/28
      4 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠰᠢᠶᠤᠤ ᠵᠢᠶᠧ ᠵᠢᠢ ᠪᠠᠯᠭᠠᠰᠤᠨ ᠳᠤ ᠭᠦᠨᠵᠡᠭᠡᠶᠢᠷᠡᠨ ᠪᠣᠬᠢᠷ ᠤᠰᠤ ᠰᠢᠢᠳᠪᠦᠷᠢᠯᠡᠬᠦ ᠢᠨᠵᠧᠨᠧᠷᠢᠩ ᠤᠨ ᠲᠦᠷᠦᠯ ᠵᠦᠢᠯ᠂ ᠵᠦᠩ ᠺᠧ ᠬᠢᠶᠠᠭ ᠡᠪᠡᠰᠦᠨ ᠤ ᠠᠵᠤ ᠦᠢᠯᠡᠰ ᠤᠨ ᠬᠥᠭᠵᠢᠯᠲᠡ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠵᠠᠰᠠᠬᠤ ᠵᠡᠷᠭᠡ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃      ᠰᠢᠶᠤᠤ ᠵᠢᠶᠧ ᠵᠢᠶ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠢᠨᠵᠧᠨᠧᠷᠢᠩ ᠤᠨ ᠲᠥᠷᠥᠯ ᠵᠦᠢᠯ ᠤᠨ ᠲᠤᠬᠠᠶ  ᠶᠢᠨ ᠲᠠᠯᠠᠪᠤᠷ ᠲᠤ᠂ ᠸᠠᠩ ᠹᠧᠩ ᠰᠧᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠂ ᠠᠬᠢᠴᠠ᠂ ᠪᠥᠲᠥᠭᠡᠨ ᠪᠠᠶᠢᠭᠤᠯᠤᠯᠲᠠ ᠶᠢᠨ ᠦᠷ᠎ᠡ ᠠᠰᠢᠭ ᠪᠠ ᠣᠳᠣᠬᠠᠨ  ᠳᠤ ᠣᠷᠣᠰᠢᠵᠤ ᠪᠠᠶᠢᠭ᠎ᠠ ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠢᠯ ᠤᠨ ᠡᠵᠡᠩᠨᠡᠯᠲᠡ᠂ ᠪᠣᠬᠢᠷ ᠤᠰᠤ ᠴᠤᠭᠯᠠᠭᠤᠯᠬᠤ᠂ ᠰᠦᠢᠳᠬᠡᠯ ᠬᠤᠷᠢᠶᠠᠬᠤ᠂ ᠰᠡᠭᠦᠯ ᠦᠵᠦᠭᠦᠷ ᠢ ᠰᠢᠢᠳᠪᠦᠷᠢᠯᠡᠵᠦ ᠠᠰᠢᠭᠯᠠᠬᠤ ᠵᠡᠷᠭᠡ ᠲᠠᠯ᠎ᠠ ᠪᠠᠷ᠂ ᠲᠥᠷᠥᠯ ᠵᠦᠢᠯ  ᠤᠨ ᠪᠥᠲᠥᠭᠡᠨ ᠪᠠᠶᠢᠭᠤᠯᠤᠯᠲᠠ ᠶᠢᠨ ᠲᠥᠰᠦᠯ  ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠲᠥᠷᠥᠯ ᠵᠦᠢᠯ ᠤᠨ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠬᠡᠷᠡᠭᠴᠡᠭᠡ ᠶᠢ ᠬᠠᠩᠭᠠᠬᠤ ᠶᠢ ᠪᠠᠲᠤᠯᠠᠵᠤ᠂ ᠣᠷᠳᠣ ᠬᠤᠭᠤᠴᠠᠭ᠎ᠠ ᠪᠠᠷ ᠲᠣᠭᠲᠠᠭᠤᠨ  ᠢᠶᠠᠷ ᠪᠠᠷᠢᠮᠵᠢᠶ᠎ᠠ ᠳᠤ ᠬᠦᠷᠦᠭᠦᠯᠬᠦ  ᠶᠢ ᠪᠠᠲᠤᠯᠠᠵᠤ᠂ ᠪᠣᠬᠢᠷ ᠤᠰᠤ ᠰᠢᠢᠳᠪᠦᠷᠢᠯᠡᠬᠦ ᠦᠷ᠎ᠡ ᠪᠦᠲᠦᠮᠵᠢ  ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠪᠠ᠃      ᠰᠢᠶᠤᠤ ᠵᠢᠶᠧ ᠵᠢᠶ ᠪᠠᠯᠭᠠᠰᠤᠨ ᠤ ᠵᠥᠩ ᠺᠧ ᠬᠢᠶᠠᠭ ᠡᠪᠡᠰᠦᠨ ᠤ ᠰᠠᠭᠤᠷᠢᠨ ᠭᠠᠵᠠᠷ ᠲᠤ᠂ ᠸᠠᠩ ᠹᠧᠩ ᠰᠧᠨ ᠬᠢᠶᠠᠭ ᠡᠪᠡᠰᠦᠨ ᠤ ᠣᠳᠣᠬᠠᠨ  ᠤ ᠠᠵᠤ ᠦᠢᠯᠡᠰ ᠤᠨ ᠬᠡᠪᠴᠢᠶ᠎ᠡ᠂ ᠠᠵᠤ ᠠᠬᠤᠶ ᠶᠢᠨ ᠦᠷ᠎ᠡ ᠠᠰᠢᠭ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠠᠭᠤᠷᠢᠨ ᠭᠠᠵᠠᠷ ᠤᠨ ᠡᠪᠡᠰᠦᠨ  ᠤ ᠦᠷ᠎ᠡ  ᠶᠢ ᠰᠣᠩᠭᠤᠨ ᠪᠤᠶᠢᠵᠢᠭᠤᠯᠬᠤ᠂ ᠥᠷᠭᠡᠳᠬᠡᠨ ᠪᠤᠶᠢᠵᠢᠭᠤᠯᠬᠤ᠂ ᠠᠮᠢ ᠠᠬᠤᠶ ᠶᠢ ᠰᠡᠷᠭᠦᠭᠡᠬᠦ ᠵᠡᠷᠭᠡ ᠲᠠᠯ᠎ᠠ ᠪᠠᠷ ᠣᠯᠤᠭᠰᠠᠨ ᠢᠯᠡᠳᠲᠡ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ ᠬᠡᠯᠡᠭᠰᠡᠨ ᠨᠢ᠂ ᠬᠢᠶᠠᠭ ᠡᠪᠡᠰᠦᠨ ᠤ ᠠᠵᠤ ᠦᠢᠯᠡᠰ ᠤᠨ ᠳᠠᠯᠳᠠ ᠬᠦᠴᠦᠨ ᠯᠤᠲᠤ ᠶᠡᠭᠡ ᠪᠠᠶᠢᠨ᠎ᠠ᠂ ᠤᠳᠤ  ᠶᠢᠨ ᠪᠠᠶᠢᠭ᠎ᠠ ᠰᠠᠭᠤᠷᠢ ᠳᠠᠭᠠᠨ ᠰᠠᠭᠤᠷᠢᠯᠠᠵᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ ᠬᠥᠭᠵᠢᠯᠲᠡ ᠶᠢᠨ ᠵᠠᠭᠪᠤᠷ ᠢ ᠴᠢᠨᠠᠭᠰᠢᠳᠠ ᠰᠦᠪᠡᠭᠴᠢᠯᠡᠵᠦ᠂ ᠡᠪᠡᠰᠦ ᠪᠣᠷᠳᠣᠭᠠᠨ  ᠤ ᠪᠦᠲᠦᠭᠡᠭᠳᠡᠬᠦᠨ  ᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠬᠦᠨ ᠤ ᠲᠦᠷᠦᠯ ᠵᠦᠢᠯ ᠢ ᠪᠠᠶᠠᠯᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ ᠨᠡᠮᠡᠯᠲᠡ ᠦᠷᠳᠡᠭ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠬᠢᠶᠠᠭ ᠡᠪᠡᠰᠦᠨ  ᠤ ᠰᠠᠭᠤᠷᠢᠨ  ᠤ ᠠᠮᠢ ᠠᠬᠤᠢ ᠪᠣᠯᠤᠨ ᠦᠵᠡᠮᠵᠢ  ᠶᠢᠨ ᠡᠬᠢ ᠪᠠᠶᠠᠯᠢᠭ  ᠢ ᠭᠦᠢᠴᠡᠳ ᠠᠭᠤᠳᠠᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠯᠦᠭᠡ ᠠᠭᠤᠰᠤᠯᠴᠠᠨ ᠬᠥᠭᠵᠢᠬᠦ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠲᠠᠷᠢᠬᠤ᠂ ᠲᠡᠵᠢᠭᠡᠨ ᠦᠷᠡᠵᠢᠭᠦᠯᠬᠦ᠂ ᠲᠣᠭᠤᠷᠢᠨ ᠦᠵᠡᠬᠦ᠂ ᠪᠡᠶᠡᠴᠢᠯᠡᠨ ᠣᠶᠢᠯᠠᠭᠠᠬᠤ ᠶᠢ ᠨᠢᠭᠡ ᠴᠤᠬᠴᠠᠵᠢᠭᠤᠯᠤᠬᠰᠠᠨ ᠤᠨᠴᠠᠯᠢᠬᠳᠤ ᠠᠵᠤ ᠦᠢᠯᠡᠰ ᠤᠨ ᠲᠦᠷᠦᠯ ᠵᠦᠢᠯ ᠢ ᠪᠠᠶᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠃ᠦᠯᠡᠳᠡᠭᠳᠡᠯ ᠪᠦᠷᠬᠦᠪᠴᠢ ᠪᠣᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠵᠠᠰᠠᠬᠤ ᠠᠵᠢᠯ ᠳᠤ ᠴᠢᠭᠯᠡᠭᠦᠯᠦᠨ ᠸᠠᠩ ᠹᠧᠩ ᠰᠧᠨ ᠵᠢᠭᠠᠭᠰᠠᠨ ᠨᠢ᠂ ᠦᠯᠡᠳᠡᠭᠳᠡᠯ ᠪᠦᠷᠬᠦᠪᠴᠢ ᠶᠢᠨ ᠪᠣᠬᠢᠷᠲᠤᠯ ᠪᠣᠯᠤᠨ ᠬᠤᠭ ᠨᠣᠪᠰᠢ  ᠶᠢᠨ ᠠᠰᠠᠭᠤᠳᠠᠯ ᠨᠢ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠲᠣᠭᠤᠷᠢᠨ ᠪᠣᠯᠤᠨ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠬᠦᠨᠳᠦ ᠨᠣᠴᠢᠲᠠᠶ ᠨᠥᠯᠥᠭᠡᠯᠡᠵᠦ᠂ ᠡᠯ᠎ᠡ ᠪᠠᠯᠭᠠᠰᠤ ᠡᠷᠬᠡᠪᠰᠢ ᠳᠡᠭᠡᠳᠦ ᠬᠡᠮᠵᠢᠶ᠎ᠡ  ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠦᠯᠡᠳᠡᠭᠳᠡᠯ ᠪᠦᠷᠬᠦᠪᠴᠢ  ᠶᠢ ᠬᠤᠷᠢᠶᠠᠨ ᠠᠪᠴᠤ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂ ᠬᠥᠷᠥᠰᠥ ᠰᠢᠷᠣᠶ ᠶᠢᠨ ᠪᠣᠬᠢᠷᠲᠤᠯ ᠢ ᠪᠠᠭᠠᠰᠬᠠᠬᠤ ᠬᠡᠷᠡᠭᠲᠡᠶ᠃ ᠬᠤᠭ ᠨᠣᠪᠰᠢ  ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠠᠶᠢᠷᠢᠰᠢᠭᠤᠯᠤᠯᠲᠠ  ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠤᠭ ᠨᠣᠪᠰᠢ  ᠶᠢ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮᠵᠢ  ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠣᠷᠴᠢᠨ ᠲᠣᠭᠤᠷᠢᠨ  ᠤ ᠡᠷᠡᠭᠦᠯ ᠬᠠᠮᠠᠭᠠᠯᠠᠯ  ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号