ᠮᠠᠨ ᠤ ᠰᠢᠶᠠᠨ ︽ᠠᠷᠠᠳ ᠨᠡᠶᠢᠲᠡ ᠳᠤ ᠬᠦᠴᠦᠲᠡᠢ ᠠᠰᠢᠭ ᠣᠯᠭᠤᠵᠤ · ᠲᠦᠩᠯᠢᠶᠣᠣ ᠳᠤ ᠪᠠᠶᠠᠷ ᠲᠠᠢ ᠪᠠᠷ ᠬᠤᠳᠠᠯᠳᠤᠭ᠎ᠠ ᠬᠢᠨ᠎ᠡ ︱ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠢ ᠠᠬᠢᠭᠤᠯᠵᠤ᠂ ᠬᠡᠷᠡᠭᠯᠡᠭᠡ ᠶᠢ ᠲᠦᠮᠡᠨ ᠡᠷᠦᠬᠡ ᠳᠤ ᠪᠠᠶᠠᠷ ᠲᠠᠢ ᠪᠠᠷ ᠡᠳ᠋ᠯᠡᠭᠦᠯᠦᠶ᠎ᠡ︾ ᠭᠡᠬᠦ ᠰᠢᠷᠢᠰ ᠠᠵᠢᠯᠯᠠᠭ᠎ᠠ ᠶᠢᠨ ᠺᠠᠶᠢᠯᠤ ᠶᠢᠨ ᠬᠤᠪᠢᠶᠠᠷᠢ ᠬᠤᠷᠠᠯ ᠤᠨ ᠲᠠᠯᠠᠪᠤᠷ ᠤᠨ ᠡᠬᠢᠯᠡᠯᠲᠡ ᠶᠢᠨ ᠶᠣᠰᠣᠯᠠᠯ ᠡᠷᠬᠢᠯᠡᠪᠡ
ᠨᠡᠶᠢᠲᠡᠯᠡᠭᠰᠡᠨ ᠴᠠᠭ᠄
2025/4/28
      3 ᠰᠠᠷ᠎ᠠ ᠶᠢᠨ 24 ᠤ ᠡᠳᠦᠷ᠂ ᠮᠠᠨ ᠤ ᠰᠢᠶᠠᠨ ︽ᠠᠷᠠᠳ ᠨᠡᠶᠢᠲᠡ ᠳᠤ ᠬᠦᠴᠦᠲᠡᠢ ᠠᠰᠢᠭ ᠣᠯᠭᠤᠵᠤ · ᠲᠦᠩᠯᠢᠶᠣᠣ ᠳᠤ ᠪᠠᠶᠠᠷ ᠲᠠᠢ ᠪᠠᠷ ᠬᠤᠳᠠᠯᠳᠤᠭ᠎ᠠ ᠬᠢᠨ᠎ᠡ ︱ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠢ ᠠᠬᠢᠭᠤᠯᠵᠤ᠂ ᠬᠡᠷᠡᠭᠯᠡᠭᠡ ᠶᠢ ᠲᠦᠮᠡᠨ ᠡᠷᠦᠬᠡ ᠳᠤ ᠪᠠᠶᠠᠷ ᠲᠠᠢ ᠪᠠᠷ ᠡᠳ᠋ᠯᠡᠭᠦᠯᠦᠶ᠎ᠡ︾ ᠰᠢᠷᠢᠰ ᠠᠵᠢᠯᠯᠠᠭ᠎ᠠ  ᠶᠢᠨ ᠺᠠᠶᠢᠯᠤ  ᠶᠢᠨ ᠬᠤᠪᠢᠶᠠᠷᠢ ᠬᠤᠷᠠᠯ ᠤᠨ ᠲᠠᠯᠠᠪᠤᠷ ᠤᠨ ᠡᠬᠢᠯᠡᠯᠲᠡ ᠶᠢᠨ ᠶᠣᠰᠣᠯᠠᠯ ᠡᠷᠭᠢᠯᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ ᠪᠠᠶᠠᠷ ᠤᠨ ᠦᠭᠡ ᠬᠡᠯᠡᠭᠰᠡᠨ ᠪᠥᠭᠡᠳ ᠠᠵᠢᠯᠯᠠᠭ᠎ᠠ ᠡᠬᠢᠯᠡᠭᠰᠡᠨ  ᠢ ᠵᠠᠷᠯᠠᠵᠤ᠂ ᠰᠢᠶᠠᠨ ᠤ ᠨᠠᠮ  ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠶᠠᠩ ᠾᠦᠢ ᠮᠢᠨ ᠶᠣᠰᠣᠯᠠᠯ  ᠢ ᠡᠷᠬᠢᠯᠡᠪᠡ᠃ ᠰᠢᠶᠠᠨ ᠤ ᠤᠳᠤᠷᠢᠳᠤᠯᠭ᠎ᠠ ᠾᠧ ᠴᠦᠨ ᠡᠾᠦ᠋ᠩ᠂ ᠪᠠᠢ ᠶᠢᠩ ᠸᠧᠨ᠂ ᠯᠢ ᠯᠢᠶᠠᠩ᠂ ᠳ᠋ᠢᠩ ᠬᠦᠢ ᠴᠢᠩ᠂ ᠰᠢᠶᠠᠨ ᠤ ᠰᠢᠭᠤᠳ ᠬᠠᠷᠢᠶ᠎ᠠ ᠵᠢᠴᠢ ᠰᠢᠶᠠᠨ ᠳᠤ ᠰᠠᠭᠤᠭ᠎ᠠ ᠲᠥᠪ ᠣᠷᠣᠨ ᠬᠤᠳᠠ  ᠶᠢᠨ ᠰᠢᠭᠤᠳ ᠬᠠᠷᠢᠶ᠎ᠠ ᠰᠢᠶᠠᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠭᠰᠠᠨ ᠪᠥᠭᠡᠳ ᠦᠵᠡᠭᠦᠯᠭᠡ ᠶᠢᠨ ᠲᠣᠭᠤᠷᠢᠭ ᠢ ᠲᠣᠭᠤᠷᠢᠨ ᠦᠵᠡᠪᠡ᠃
dfef3a2a0c26766a317c865b25e5c7e7_W020250325363610285631.png
      ᠯᠢᠦ ᠶᠠᠩ ᠪᠠᠶᠠᠷ ᠤᠨ ᠦᠭᠡ ᠳᠡᠭᠡᠨ ᠵᠢᠭᠠᠭᠰᠠᠨ ᠨᠢ᠂ ᠡᠨᠡ ᠵᠢᠯ᠂ ᠲᠥᠪ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠴᠥᠮ ︽ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠬᠡᠷᠡᠭᠯᠡᠭᠡ ᠶᠢ ᠠᠬᠢᠭᠤᠯᠬᠤ︾ ᠶᠢ ᠠᠵᠢᠯ ᠤᠨ ᠭᠤᠣᠯᠳᠠᠯᠭ᠎ᠠ ᠪᠣᠯᠭᠠᠵᠤ᠂ ᠮᠠᠨ ᠤ ᠰᠢᠶᠠᠨ ᠠᠷᠠᠳ ᠤᠨ ᠠᠮᠢᠳᠤᠷᠠᠯ  ᠤᠨ ᠪᠤᠶᠠᠨ ᠬᠡᠰᠢᠭ ᠢ ᠴᠢᠷᠮᠠᠶᠢᠨ ᠨᠡᠮᠡᠭᠳᠡᠭᠦᠯᠵᠦ᠂ ︽ᠠᠷᠠᠳ ᠨᠡᠶᠢᠲᠡ ᠳᠤ ᠬᠦᠴᠦᠲᠡᠢ ᠠᠰᠢᠭ ᠣᠯᠭᠤᠵᠤ · ᠲᠦᠩᠯᠢᠶᠣᠣ ᠳᠤ ᠪᠠᠶᠠᠷ ᠲᠠᠢ ᠪᠠᠷ ᠬᠤᠳᠠᠯᠳᠤᠭ᠎ᠠ ᠬᠢᠨ᠎ᠡ ︱ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠢ ᠠᠬᠢᠭᠤᠯᠵᠤ᠂ ᠬᠡᠷᠡᠭᠯᠡᠭᠡ ᠶᠢ ᠲᠦᠮᠡᠨ ᠡᠷᠦᠬᠡ ᠳᠤ ᠪᠠᠶᠠᠷ  ᠲᠠᠢ ᠪᠠᠷ ᠡᠳ᠋ᠯᠡᠭᠦᠯᠦᠶ᠎ᠡ︾ ᠭᠡᠬᠦ ᠪᠠᠷ ᠭᠤᠣᠯ ᠰᠡᠳᠦᠪ ᠪᠣᠯᠭᠠᠭᠰᠠᠨ ᠪᠦᠬᠦ ᠵᠢᠯ ᠤᠨ ᠬᠡᠷᠡᠭᠯᠡᠭᠡ  ᠶᠢ ᠠᠬᠢᠭᠤᠯᠬᠤ ᠠᠵᠢᠯᠯᠠᠭ᠎ᠠ  ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠪᠦᠬᠦ ᠰᠢᠶᠠᠨ  ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ᠂ ᠰᠥᠨᠢ ᠶᠢᠨ ᠠᠵᠤ ᠠᠬᠤᠢ ᠶᠢ ᠪᠣᠶᠢᠵᠢᠭᠤᠯᠤᠨ ᠪᠤᠵᠠᠭᠠᠶᠢᠷᠠᠭᠤᠯᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠨᠢᠭᠡ ᠪᠦᠯᠦᠭ ᠣᠨᠴᠠᠯᠢᠭ ᠢᠶᠠᠷ ᠲᠣᠪᠣᠶᠢᠮ᠎ᠠ᠂ ᠭᠤᠣᠯ ᠰᠡᠳᠦᠪ  ᠢᠶᠠᠷ ᠢᠯᠡ ᠲᠣᠳᠣ ᠠᠵᠢᠯᠯᠠᠭ᠎ᠠ ᠡᠷᠬᠢᠯᠡᠬᠦ ᠪᠠᠷ ᠳᠠᠮᠵᠢᠭᠤᠯᠤᠨ᠂ ︽ᠤᠯᠠᠷᠢᠯ ᠪᠣᠯᠭᠠᠨ ᠭᠤᠣᠯ ᠰᠡᠳᠦᠪ ᠲᠠᠢ᠂ ᠰᠠᠷ᠎ᠠ ᠪᠣᠯᠭᠠᠨ ᠠᠵᠢᠯᠯᠠᠭ᠎ᠠ ᠲᠠᠢ᠂ ᠲᠠᠯᠠᠪᠤᠷ ᠪᠣᠯᠭᠠᠨ ᠭᠤᠶᠢᠳᠠ ᠰᠠᠶᠢᠬᠠᠨ︾ ᠪᠠᠶᠢᠬᠤ ᠶᠢ ᠪᠡᠶᠡᠯᠡᠭᠦᠯᠵᠦ᠂ ᠪᠥᠬᠦ ᠰᠢᠶᠠᠨ ᠢᠶᠠᠷ  ᠢᠶᠠᠨ ᠳᠠᠶᠢᠴᠢᠯᠠᠬᠤ᠂ ᠪᠥᠬᠦ ᠬᠤᠲᠠ ᠪᠠᠷ ᠢᠶᠠᠨ ᠣᠷᠣᠯᠴᠠᠬᠤ᠂ ᠬᠠᠮ ᠵᠠᠭᠤᠴᠢᠯᠠᠭᠤᠷ ᠤᠨ ᠤᠬᠠᠭᠤᠯᠭ᠎ᠠ ᠬᠢᠬᠦ᠂ ᠪᠥᠬᠦ ᠠᠷᠠᠳ ᠢᠶᠠᠷ ᠢᠶᠠᠨ ᠠᠰᠢᠭ ᠬᠦᠷᠲᠡᠭᠡᠬᠦ ᠬᠡᠷᠡᠭᠯᠡᠭᠡᠨ ᠤ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠡᠷᠡᠭᠯᠡᠭᠴᠢᠳ ᠤᠨ ᠣᠯᠠᠨ ᠡᠰᠢᠵᠢᠭᠰᠡᠨ᠂ ᠥᠪᠡᠷᠮᠢᠴᠡ᠂ ᠶᠠᠰᠤ ᠴᠢᠨᠠᠷᠵᠢᠭᠰᠠᠨ ᠬᠡᠷᠡᠭᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ ᠬᠤᠲᠠ ᠶᠢᠨ ᠨᠡᠷ᠎ᠡ ᠶᠢᠨ ᠬᠠᠭᠤᠳᠠᠰᠤ ᠶᠢ ᠭᠡᠷᠡᠯᠲᠦᠭᠦᠯᠦᠨ᠂ ᠬᠡᠷᠡᠭᠯᠡᠭᠡ ᠶᠢ ᠪᠥᠬᠦ ᠲᠠᠯ᠎ᠠ ᠪᠠᠷ ᠬᠥᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠨ᠎ᠠ᠃      ᠶᠠᠩ ᠡᠾᠦ᠋ᠢ ᠮᠢᠨ ᠶᠣᠰᠣᠯᠠᠯ ᠳᠡᠭᠡᠷ᠎ᠡ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠢᠯᠯᠠᠭ᠎ᠠ ᠳᠤ ᠣᠷᠣᠯᠴᠠᠭᠰᠠᠨ ᠵᠠᠬ᠎ᠠ ᠳᠡᠯᠭᠡᠭᠦᠷ  ᠤᠨ ᠡᠵᠡᠩᠨᠡᠯᠲᠡ  ᠶᠢᠨ ᠭᠤᠣᠯ ᠴᠣᠭᠴᠠ  ᠳᠤ ᠪᠦᠬᠦ ᠲᠠᠯ᠎ᠠ  ᠪᠠᠷ ᠂ ᠤᠯᠠᠨ ᠬᠠᠷᠠᠭᠠᠰᠤ ᠠᠴᠠ ᠪᠦᠬᠦ ᠦᠶᠡᠯᠡᠯ  ᠤᠨ ᠬᠤᠭᠤᠴᠠᠭ᠎ᠠ  ᠲᠠᠢ ᠂ ᠤᠯᠠᠨ ᠲᠠᠯ᠎ᠠ  ᠶᠢᠨ ᠳᠡᠮᠵᠢᠯᠭᠡ ᠬᠠᠩᠭᠠᠵᠤ᠂ ᠦᠨᠡᠨ ᠬᠦ ᠲᠦᠷᠦ ᠶᠢᠨ ᠪᠣᠳᠣᠯᠭ᠎ᠠ ᠶᠢᠨ ᠬᠠᠪᠤᠷ ᠤᠨ ᠬᠤᠷ᠎ᠠ ᠪᠠᠷ ᠠᠵᠤ ᠠᠬᠤᠶᠢᠯᠠᠯ ᠤᠨ ᠬᠠᠯᠠᠭᠤᠨ ᠬᠥᠷᠥᠰᠥ  ᠶᠢ ᠤᠮᠳᠠᠯᠠᠵᠤ᠂ ᠰᠢᠨ᠎ᠡ  ᠶᠢ ᠡᠭᠦᠳᠬᠦ ᠰᠡᠳᠬᠢᠬᠦᠢ  ᠪᠠᠷ ᠬᠠᠮᠲᠤᠪᠠᠷ ᠠᠰᠢᠭ ᠬᠦᠷᠳᠡᠬᠦ ᠲᠣᠣᠷ  ᠢ ᠰᠦᠯᠵᠢᠵᠦ ᠂ ᠠᠷᠠᠳ ᠲᠤ ᠠᠰᠢᠭ ᠬᠦᠷᠲᠡᠭᠡᠬᠦ ᠬᠠᠪᠤᠷ  ᠤᠨ ᠰᠠᠯᠬᠢ ᠶᠢ ᠵᠡᠭᠡᠯᠢ ᠭᠤᠳᠤᠮᠵᠢ  ᠪᠠᠷ ᠪᠦᠬᠦᠨ ᠢ ᠨᠡᠪᠲᠡᠷᠡᠭᠦᠯᠬᠦ ᠬᠡᠷᠡᠭᠲᠡᠢ ᠃ ᠲᠡᠷᠡ ᠬᠡᠯᠡᠭᠰᠡᠨ ᠨᠢ᠂ ᠨᠡᠩ ᠤᠯᠠᠨ ᠵᠠᠬ᠎ᠠ ᠳᠡᠯᠭᠡᠭᠦᠷ  ᠤᠨ ᠭᠤᠣᠯ ᠴᠣᠭᠴᠠ ᠶᠢᠨ ᠠᠵᠢᠯᠯᠠᠭ᠎ᠠ ᠳᠤ ᠣᠷᠣᠯᠴᠠᠬᠤ ᠶᠢ ᠪᠠᠶᠠᠷᠯᠠᠨ ᠤᠭᠲᠤᠵᠤ ᠂ ᠤᠯᠠᠨ  ᠢᠶᠠᠷ  ᠢᠶᠠᠨ ᠬᠠᠮᠲᠤᠪᠠᠷ ︽ ᠮᠢᠩᠭᠠᠨ ᠳᠠᠷᠪᠠᠭᠤᠯ ᠥᠷᠢᠰᠦᠯᠳᠦᠨ ᠵᠠᠬ᠎ᠠ ᠳᠡᠯᠭᠡᠭᠦᠷ ᠢ ᠥᠷᠭᠡᠳᠬᠡᠵᠦ ᠂ ᠲᠦᠮᠡᠨ ᠡᠷᠤᠬᠡ ᠬᠠᠮᠲᠤᠪᠠᠷ ᠠᠰᠢᠭ ᠬᠦᠷᠳᠡᠬᠦ︾ ᠬᠥᠭᠵᠢᠯ ᠴᠡᠴᠡᠭᠯᠡᠯ  ᠤᠨ ᠵᠢᠷᠤᠭ  ᠢ ᠵᠢᠷᠤᠭᠯᠠᠵᠤ ᠂ ᠵᠠᠭᠤᠨ ᠠᠵᠤ ᠠᠬᠤᠶᠢᠯᠠᠯ ᠮᠢᠩᠭᠠᠨ ᠳᠡᠯᠭᠡᠭᠦᠷ ᠬᠠᠮᠲᠤᠪᠠᠷ ᠣᠷᠣᠯᠴᠠᠵᠤ ᠂ ᠲᠦᠭ ᠲᠦᠮᠡᠨ ᠠᠶᠢᠯ ᠡᠷᠤᠬᠡ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨ ᠬᠦ ᠪᠤᠢ ᠪᠣᠯᠭᠠᠬᠤ ᠬᠡᠷᠡᠭᠲᠡᠢ ᠃
1f85721690a8e04ab7db57f11b190711_W020250325363610331328.png
      ᠡᠬᠢᠯᠡᠯᠲᠡ  ᠶᠢᠨ ᠶᠣᠰᠣᠯᠠᠯ ᠳᠡᠭᠡᠷ᠎ᠡ᠂ ᠰᠢᠶᠠᠨ  ᠤ ᠬᠥᠮᠥᠨ  ᠤ ᠬᠦᠴᠦᠨ  ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ  ᠶᠢᠨ ᠲᠣᠪᠴᠢᠶ᠎ᠠ᠂ ᠰᠢᠶᠠᠨ  ᠤ ᠪᠡᠯᠡ ᠣᠷᠣᠭᠤᠯᠤᠯᠲᠠ  ᠶᠢ ᠠᠬᠢᠭᠤᠯᠬᠤ ᠲᠣᠪᠴᠢᠶ᠎ᠠ ᠲᠣᠰ ᠲᠣᠰ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ᠂ ᠬᠡᠷᠡᠭᠯᠡᠭᠡ ᠶᠢ ᠠᠬᠢᠭᠤᠯᠬᠤ ᠲᠥᠷᠥ  ᠶᠢᠨ ᠪᠣᠳᠣᠯᠭ᠎ᠠ ᠨᠡᠶᠢᠲᠡᠯᠡᠪᠡ︔ ᠺᠠᠢ ᠶᠤᠸᠠᠨ ᠬᠤᠳᠠᠯᠳᠤᠭᠠᠨ ᠤ ᠬᠤᠲᠠ᠂ ᠳ᠋ᠧᠺᠧᠰ  ᠤᠨ ᠲᠦᠷᠭᠡᠨ ᠬᠤᠭᠤᠯᠠᠨ  ᠤ ᠭᠠᠵᠠᠷ ᠵᠡᠷᠭᠡ 10 ᠠᠵᠤ ᠠᠬᠤᠶᠢᠯᠠᠯ  ᠤᠨ ᠬᠠᠷᠢᠭᠤᠴᠠᠯᠭᠠᠲᠠᠨ ︽ᠰᠠᠨᠠᠭ᠎ᠠ ᠠᠮᠤᠷ ᠬᠡᠷᠡᠭᠯᠡᠭᠡᠨ ᠤ ᠠᠮᠠᠯᠠᠯᠲᠠ  ᠶᠢᠨ ᠪᠢᠴᠢᠭ︾ ᠲᠤ ᠭᠠᠷ ᠤᠨ ᠥᠰᠥᠭ ᠵᠢᠷᠤᠪᠠ᠃
9c0ea011b8e0598b11b1e7d9477c91de_W020250325363610394342.png
      ᠠᠵᠢᠯᠯᠠᠭ᠎ᠠ ᠨᠢ ᠾᠧᠢ ᠯᠦᠩ ᠪᠠ ᠪᠠᠯᠭᠠᠰᠤ᠂ ᠶᠡᠬᠡᠲᠠᠯ᠎ᠠ ᠪᠠᠯᠭᠠᠰᠤᠨ ᠤ ᠡᠩᠬᠡ ᠲᠠᠶᠢᠪᠤᠩ ᠵᠠᠬ᠎ᠠ ᠳᠡᠯᠭᠡᠭᠦᠷ᠂ ᠺᠠᠶᠢᠯᠤ ᠪᠠᠯᠭᠠᠰᠤᠨ ᠤ ᠰᠢᠨᠬᠤᠸᠠ ᠵᠠᠬ᠎ᠠ ᠳᠡᠯᠭᠡᠭᠦᠷ᠂ ᠵᠢᠶᠠᠨ ᠬᠤᠸᠠ ᠪᠠᠯᠭᠠᠰᠤ᠂ ᠪᠦᠦ ᠠᠨ ᠲᠠᠷᠢᠶᠠᠯᠠᠩ ᠤᠨ ᠲᠠᠯᠠᠪᠠᠶ ᠵᠡᠷᠭᠡ 5 ᠵᠠᠬ᠎ᠠ ᠳᠤ ᠵᠡᠷᠭᠡᠪᠡᠷ ᠶᠠᠪᠤᠭᠳᠠᠪᠠ᠃ ᠡᠯ᠎ᠡ ᠠᠵᠢᠯᠯᠠᠭ᠎ᠠ  ᠶᠢᠨ ᠲᠤᠬᠠᠢ ᠶᠢᠨ ᠲᠠᠯᠠᠪᠤᠷ  ᠲᠤ᠂ ᠠᠵᠢᠯᠲᠠᠨ ᠡᠯᠰᠡᠬᠦ ᠲᠤᠰᠬᠠᠢ ᠣᠷᠣᠨ᠂ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢᠨ ᠣᠷᠣᠨ᠂ ᠲᠠᠷᠢᠶᠠᠯᠠᠩ  ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠨ ᠪᠣᠷᠣᠯᠠᠭᠤᠯᠬᠤ ᠣᠷᠣᠨ᠂ ᠭᠡᠷ ᠤᠨ ᠴᠠᠬᠢᠯᠭᠠᠨ ᠬᠡᠷᠡᠭᠰᠡᠯ᠂ ᠡᠯᠧᠺᠲᠷᠣᠨ ᠬᠡᠷᠡᠭᠰᠡᠯ᠂ ᠮᠠᠰᠢᠨ ᠲᠡᠷᠭᠡ ᠵᠡᠷᠭᠡ ᠬᠡᠷᠡᠭᠯᠡᠭᠡᠨ  ᠤ ᠨᠥᠬᠦᠪᠦᠷᠢ ᠶᠢᠨ ᠲᠥᠷᠥ ᠶᠢᠨ ᠪᠣᠳᠣᠯᠭ᠎ᠠ  ᠶᠢᠨ ᠤᠬᠠᠭᠤᠯᠭ᠎ᠠ  ᠶᠢᠨ ᠣᠷᠣᠨ  ᠢ ᠲᠣᠰ ᠲᠣᠰ ᠪᠠᠶᠢᠭᠤᠯᠵᠤ ᠂ ᠠᠵᠢᠯ ᠡᠷᠢᠭᠰᠡᠳ᠂ ᠬᠡᠷᠡᠭᠯᠡᠭᠴᠢᠳ  ᠢ ᠲᠡᠳᠡᠨ ᠰᠠᠭᠤᠯᠭᠠᠵᠤ ᠠᠰᠠᠭᠤᠨ ᠯᠠᠪᠯᠠᠬᠤ ᠪᠠ ᠬᠤᠳᠠᠯᠳᠤᠭ᠎ᠠ ᠬᠢᠯᠭᠡᠪᠡ᠃ ᠬᠤᠷᠴᠢᠨ ᠤᠷᠠᠯᠢᠭ  ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠶᠢᠨ ᠪᠠᠭᠰᠢ ᠰᠤᠷᠤᠭᠴᠢ ᠂ ᠰᠢᠶᠠᠨ  ᠤ ᠤᠯᠠᠭᠠᠨᠮᠥ᠋ᠴᠢᠷ ᠤᠨ ᠲᠣᠭᠯᠠᠭᠴᠢᠳ ᠵᠢᠴᠢ ᠰᠢᠶᠠᠨ ᠤ ᠨᠠᠰᠤᠲᠠᠶᠢᠴᠤᠳ  ᠤᠨ ᠶᠡᠭᠡ ᠰᠤᠷᠭᠠᠭᠤᠯᠢ  ᠶᠢᠨ ᠤᠳᠬ᠎ᠠ ᠤᠷᠠᠯᠢᠭ  ᠲᠤ ᠪᠠᠭ᠋ᠠᠲᠠᠢ ᠬᠥᠮᠥᠰ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃
80c82232d6e3f6ff8c15e02dc8f18c35_W020250325363610432814.png
      ᠲᠦᠮᠡᠨ ᠶᠠᠪᠤᠳᠠᠯ  ᠳᠤ ᠠᠷᠠᠳ ᠤᠨ ᠠᠮᠢᠳᠤᠷᠠᠯ ᠬᠠᠮᠤᠭ ᠤᠨ ᠴᠢᠬᠤᠯᠠ ᠪᠠᠶᠢᠳᠠᠭ᠂ ᠭᠡᠬᠦ ᠳᠡᠭᠡᠨ ᠠᠵᠢᠯ ᠣᠯᠭᠤᠯᠲᠠ ᠪᠣᠯ ᠬᠠᠮᠤᠭ ᠤᠨ ᠴᠢᠬᠤᠯᠠ ᠠᠷᠠᠳ  ᠤᠨ ᠠᠮᠢᠳᠤᠷᠠᠯ ᠮᠥᠨ᠃ ᠲᠤᠰ ᠤᠳᠠᠭᠠᠨ  ᠤ ᠰᠢᠷᠢᠰ ᠠᠵᠢᠯᠯᠠᠭ᠎ᠠ  ᠶᠢᠨ ᠳᠠᠭᠠᠭᠠᠨ ᠭᠦᠢᠴᠡᠳᠬᠡᠬᠦ ᠨᠢᠭᠡᠴᠢ ᠶᠢᠨ ᠨᠢᠭᠡ ᠪᠣᠯᠤᠭᠰᠠᠨ ᠤ ᠬᠤᠪᠢ ᠳᠤ᠂ ᠰᠢᠶᠠᠨ  ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ  ᠶᠢᠨ ᠲᠣᠪᠴᠢᠶ᠎ᠠ ᠬᠤᠲᠠ  ᠶᠢᠨ ᠲᠣᠭᠤᠷᠢᠭ ᠤᠨ ᠭᠤᠣᠯ ᠬᠤᠷᠠᠯ ᠤᠨ ᠲᠠᠯᠠᠪᠤᠷ ᠪᠠ 5 ᠬᠤᠪᠢᠶᠠᠷᠢ ᠬᠤᠷᠠᠯ ᠤᠨ ᠲᠠᠯᠠᠪᠤᠷ ᠲᠤ ᠴᠥᠮ ᠠᠵᠤ ᠠᠬᠤᠶᠢᠯᠠᠯ ᠤᠨ ᠠᠵᠢᠯᠲᠠᠨ ᠡᠯᠰᠡᠬᠦ ᠪᠣᠯᠣᠩ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ  ᠶᠢᠨ ᠪᠣᠯᠣᠩ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠢᠯᠡᠴᠢᠯᠡᠭᠡᠨ ᠤ ᠪᠣᠯᠣᠩ ᠪᠠ ᠬᠥᠳᠡᠯᠮᠦᠷᠢ  ᠶᠢᠨ ᠡᠷᠬᠡ ᠶᠢ ᠬᠠᠮᠠᠭᠠᠯᠠᠬᠤ ᠬᠠᠤᠯᠢ ᠴᠠᠭᠠᠵᠠ ᠶᠢᠨ ᠯᠠᠪᠯᠠᠯᠭ᠎ᠠ ᠶᠢᠨ ᠦᠢᠯᠡᠴᠢᠯᠡᠭᠡᠨ ᠤ ᠪᠣᠯᠣᠩ ᠵᠡᠷᠭᠡ 4 ᠲᠤᠰᠬᠠᠢ ᠪᠣᠯᠣᠩ ᠭᠠᠷᠭᠠᠪᠠ᠃ ᠰᠢᠶᠠᠨ  ᠤ ᠳᠣᠲᠣᠨ᠎ᠠ ᠭᠠᠳᠠᠨᠠᠬᠢ 15 ᠠᠵᠤ ᠠᠬᠤᠶᠢᠯᠠᠯ  ᠢ ᠵᠣᠬᠢᠶᠠᠨ ᠪᠠᠶᠢᠭᠤᠯᠤᠨ ᠬᠤᠷᠠᠯ  ᠳᠤ ᠣᠷᠣᠯᠴᠠᠭᠤᠯᠵᠤ ᠂ ᠨᠡᠶᠢᠳᠡ 317 ᠠᠵᠢᠯ  ᠤᠨ ᠪᠠᠶᠢᠷᠢ ᠬᠠᠩᠭᠠᠵᠤ᠂ ᠠᠵᠢᠯᠲᠠᠨ ᠲᠤᠬᠠᠢ  ᠶᠢᠨ ᠲᠠᠯᠠᠪᠤᠷ  ᠲᠤ ᠠᠵᠢᠯ ᠡᠷᠢᠭᠰᠡᠳ ᠲᠤ ᠠᠵᠢᠯ ᠣᠯᠵᠤ ᠠᠳᠠᠯ ᠦᠢᠯᠡᠰ ᠴᠣᠭᠴᠠᠯᠠᠬᠤ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠂ ᠠᠵᠢᠯ ᠮᠡᠷᠭᠡᠵᠢᠯ  ᠤᠨ ᠵᠢᠯᠣᠭᠤᠳᠤᠯᠭ᠎ᠠ ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ︽ ᠨᠢᠭᠡ ᠯᠡ ᠥᠷᠲᠡᠭᠡᠨ ᠤ ᠮᠠᠶ᠋ᠢᠭ ︾ ᠤᠨ ᠦᠢᠯᠡᠴᠢᠯᠡᠭᠡ ᠬᠠᠩᠭᠠᠪᠠ ᠃      ︽ᠲᠠᠷᠠᠭᠠᠴᠢ  ᠶᠢᠨ ᠠᠯᠬᠤᠮ  ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ  ᠶᠢᠨ ᠰᠠᠯᠠᠭ᠎ᠠ ᠮᠥᠴᠢᠷ ᠪᠠᠰᠠ ︿ᠵᠠᠭᠤᠨ ᠡᠳᠦᠷ  ᠲᠤ ᠮᠢᠩᠭᠠᠨ ᠲᠦᠮᠡᠨ ᠬᠥᠮᠥᠨ ᠡᠯᠰᠡᠬᠦ ᠲᠤᠰᠬᠠᠢ ᠠᠵᠢᠯᠯᠠᠭ᠎ᠠ﹀ ︿ᠠᠯᠲᠠᠨ ᠨᠠᠮᠤᠷ ᠤᠨ ᠠᠵᠢᠯᠲᠠᠨ ᠡᠯᠰᠡᠬᠦ ᠰᠠᠷ᠎ᠠ﹀ ᠲᠠᠢ ᠤᠶᠠᠯᠳᠤᠭᠤᠯᠤᠨ ᠪᠥᠬᠦ ᠰᠢᠶᠠᠨ  ᠤ ᠬᠡᠪᠴᠢᠶᠡᠨ ᠳᠤ 10 ᠲᠠᠯᠠᠪᠤᠷ ᠣᠷᠴᠢᠮ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠵᠦ᠂ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ︿ᠠᠵᠢᠯ ᠣᠯᠭᠤᠯᠲᠠ  ᠶᠢᠨ ᠺᠠᠶᠢᠯᠦ﹀  ᠶᠢᠨ ᠣᠯᠠᠨ ᠨᠡᠶᠢᠲᠡ  ᠶᠢᠨ ᠦᠢᠯᠡᠴᠢᠯᠡᠭᠡᠨ  ᠤ ᠨᠠᠷᠠᠲᠤ ᠲᠡᠮᠳᠡᠭ  ᠢ ᠳᠡᠭᠡᠭᠰᠢᠯᠡᠭᠦᠯᠦᠨ᠂ ᠠᠵᠤ ᠠᠬᠤᠶᠢᠯᠠᠯ  ᠤᠨ ᠠᠵᠢᠯᠴᠢᠨ ᠬᠡᠷᠡᠭᠯᠡᠬᠦ  ᠶᠢ ᠪᠥᠬᠦ ᠬᠦᠴᠦᠨ  ᠢᠶᠠᠷ  ᠢᠶᠠᠨ ᠪᠠᠲᠤᠯᠠᠵᠤ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ︾ ᠭᠡᠵᠦ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯ ᠣᠯᠭᠤᠯᠲᠠ ᠶᠢᠨ ᠠᠵᠢᠯᠲᠠᠨ ᠡᠯᠰᠡᠬᠦ ᠠᠵᠢᠯ  ᠤᠨ ᠬᠠᠷᠢᠭᠤᠴᠠᠯᠭᠠᠲᠠᠨ ᠯᠥᠸᠧ ᠱᠸᠦ ᠯᠦᠩ ᠢᠯᠡᠳᠬᠡᠪᠡ᠃      ᠾᠧᠢ ᠯᠦᠩ ᠪᠠ ᠪᠠᠯᠭᠠᠰᠤᠨ ᠤ ᠬᠤᠪᠢᠶᠠᠷᠢ ᠬᠤᠷᠠᠯ ᠤᠨ ᠲᠠᠯᠠᠪᠤᠷ ᠲᠤ᠂ ᠰᠢᠯᠦᠬᠡᠢ ᠡᠷᠳᠡᠨᠢ ᠰᠢᠰᠢ ᠂ ᠪᠠᠭᠪᠠᠭᠠᠢ ᠴᠡᠴᠡᠭ ᠤᠨ ᠴᠠᠢ ᠂ ᠵᠢᠶᠠᠩ ᠂ ᠰᠢᠬᠢᠷᠯᠡᠭᠰᠡᠨ ᠵᠢᠮᠢᠰ ᠵᠡᠷᠭᠡ ᠲᠤᠰ ᠭᠠᠵᠠᠷ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠤᠯᠲᠠ ᠶᠢᠨ ᠪᠣᠯᠣᠩ ᠬᠥᠮᠥᠰ  ᠤᠨ ᠬᠦᠷᠢᠶᠡᠯᠡᠯ ᠢ ᠣᠯᠵᠤ ᠂ ᠠᠵᠤ ᠠᠬᠤᠶᠢᠯᠠᠯ ᠤᠨ ᠠᠵᠢᠯᠲᠠᠨ ᠡᠯᠰᠡᠬᠦ ᠲᠤᠰᠬᠠᠢ ᠪᠣᠯᠣᠩ ᠴᠤ ᠬᠥᠮᠥᠰ ᠤᠨ ᠬᠦᠷᠢᠶᠡᠯᠡᠯ ᠢ ᠣᠯᠣᠭᠰᠠᠨ ᠪᠠᠶᠢᠨ᠎ᠠ ᠃ ᠾᠧᠢ ᠯᠦᠩ ᠪᠠ ᠪᠠᠯᠭᠠᠰᠤᠨ ᠤ ᠳᠡᠳ᠋ ᠳᠠᠷᠤᠭ᠎ᠠ ᠼᠤᠤ ᠲᠢᠶᠧ ᠨᠠᠨ ᠬᠡᠯᠡᠭᠰᠡᠨ ᠨᠢ᠂ ᠭᠠᠵᠠᠷ ᠰᠢᠷᠣᠢ  ᠶᠢ ᠡᠮᠬᠢᠯᠡᠨ ᠨᠡᠶᠢᠯᠡᠭᠦᠯᠬᠦ ᠠᠵᠢᠯ ᠤᠨ ᠡᠷᠴᠢᠮ ᠲᠠᠰᠤᠷᠠᠯᠲᠠ ᠦᠭᠡᠢ ᠴᠢᠩᠭᠠᠷᠠᠬᠤ ᠶᠢ ᠳᠠᠭᠠᠯᠳᠤᠨ᠂ ᠬᠥᠳᠡᠭᠡ ᠲᠣᠰᠬᠤᠨ ᠤ ᠰᠤᠯᠠ ᠰᠡᠯᠡᠭᠦᠦ ᠪᠠᠶᠢᠬᠤ ᠬᠥᠳᠡᠯᠮᠦᠷᠢ ᠬᠦᠴᠦᠨ ᠤ ᠠᠵᠢᠯ ᠬᠢᠬᠦ ᠬᠡᠷᠡᠭᠴᠡᠭᠡ ᠮᠠᠰᠢ ᠶᠡᠭᠡ ᠪᠣᠯᠵᠤ᠂ ᠠᠵᠢᠯ ᠣᠯᠭᠤᠯᠲᠠ  ᠶᠢᠨ ᠰᠠᠯᠠᠭ᠎ᠠ ᠮᠥᠴᠢᠷ ᠠᠵᠢᠯᠴᠢᠨ ᠡᠯᠰᠡᠬᠦ ᠮᠡᠳᠡᠭᠡ ᠵᠠᠩᠭᠢ ᠶᠢ ᠣᠯᠠᠨ ᠲᠦᠮᠡᠨ ᠤ ᠡᠭᠦᠳᠡᠨ ᠳᠤ ᠬᠦᠷᠭᠡᠵᠦ᠂ ᠠᠷᠠᠳ ᠣᠯᠠᠨ ᠳᠤ ᠬᠠᠷᠠᠭᠠᠯᠵᠠᠯ ᠪᠠ ᠲᠥᠬᠦᠮ ᠦᠵᠡᠭᠦᠯᠦᠨ᠎ᠡ᠃
011a08e3e6e36501367c69a2ca038e67_W020250325363610499859.png
      ᠬᠠᠪᠤᠷ  ᠤᠨ ᠲᠠᠷᠢᠶᠠᠯᠠᠭ᠎ᠠ  ᠶᠢᠨ ᠪᠡᠯᠡᠳᠬᠡᠯ ᠤᠯᠠᠷᠢᠯ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠠᠮᠤᠭ ᠤᠨ ᠪᠣᠷᠤᠯᠠᠭᠤᠯᠭ᠎ᠠ ᠰᠠᠶᠢᠲᠠᠢ ᠪᠠᠶᠢᠳᠠᠭ᠃ ᠡᠯ᠎ᠡ ᠬᠤᠪᠢᠶᠠᠷᠢ ᠬᠤᠷᠠᠯ ᠤᠨ ᠲᠠᠯᠠᠪᠤᠷ ᠤᠨ ᠲᠠᠷᠢᠶᠠᠯᠠᠩ ᠤᠨ ᠦᠢᠯᠡᠳᠪᠦᠷᠢᠯᠡᠯ  ᠤᠨ ᠬᠡᠷᠡᠭᠰᠡᠯ  ᠤᠨ ᠪᠦᠲᠦᠭᠡᠭᠳᠡᠬᠦᠨ  ᠤ ᠳᠡᠯᠭᠡᠨ ᠪᠣᠷᠣᠯᠠᠭᠤᠯᠤᠯᠲᠠ  ᠶᠢᠨ ᠪᠣᠯᠣᠩ ᠳᠤ᠂ ᠮᠠᠰᠢ ᠤᠯᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠦᠷ᠎ᠡ ᠂ ᠬᠢᠮᠢ ᠶᠢᠨ ᠪᠣᠷᠳᠣᠭᠤᠷ ᠵᠡᠷᠭᠡ ᠰᠢᠯᠢᠳᠡᠭ ᠲᠠᠷᠢᠶᠠᠯᠠᠩ  ᠤᠨ ᠦᠢᠯᠡᠳᠪᠦᠷᠢᠯᠡᠯ ᠤᠨ ᠬᠡᠷᠡᠭᠰᠡᠯ ᠪᠣᠯᠣᠨ ᠬᠠᠷᠠᠭᠠᠯᠵᠠᠯ ᠤᠨ ᠠᠵᠢᠯᠯᠠᠭ᠎ᠠ ᠶᠢ ᠠᠪᠴᠢᠷᠠᠵᠤ ᠂ ᠦᠢ ᠤᠯᠠᠨ ᠮᠠᠯᠴᠢᠨ ᠲᠠᠷᠢᠶᠠᠴᠢᠨ  ᠢ ᠲᠠᠲᠠᠵᠤ ᠂ ᠠᠰᠠᠭᠤᠨ ᠯᠠᠪᠯᠠᠵᠤ ᠂ ᠬᠤᠳᠠᠯᠳᠤᠨ ᠠᠪᠴᠤ ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠪᠠᠶᠠᠷ ᠲᠠᠢ  ᠪᠠᠷ ᠬᠦᠷᠲᠡᠭᠡᠪᠡ᠃ ︽ ᠪᠢ ᠮᠠᠰᠢ ᠤᠯᠠᠨ ᠪᠦᠲᠦᠭᠡᠭᠳᠡᠬᠦᠨ ᠢ ᠰᠣᠩᠭᠤᠪᠠ ᠂ ᠡᠶᠢᠮᠦᠷᠬᠦ ᠠᠵᠢᠯᠯᠠᠭ᠎ᠠ ᠦᠨᠡᠬᠡᠷ ᠰᠠᠶᠢᠨ ᠪᠠᠶᠢᠨ᠎ᠠ ᠂ ᠪᠢᠳᠡᠨ ᠤ ᠲᠠᠷᠢᠶ᠎ᠠ ᠲᠠᠷᠢᠬᠤ ᠥᠪᠡᠷ  ᠤᠨ ᠦᠷᠳᠡᠭ  ᠢ ᠠᠷᠪᠢᠯᠠᠪᠠ ︾ ᠭᠡᠵᠦ ᠵᠢᠶᠠᠨ ᠬᠤᠸᠠ ᠪᠠᠯᠭᠠᠰᠤᠨ ᠤ ᠲᠠᠷᠢᠶᠠᠴᠢᠨ ᠸᠠᠩ ᠯᠢ ᠫᠢᠩ ᠪᠠᠶᠠᠷ ᠲᠠᠢ ᠪᠠᠷ ᠬᠡᠯᠡᠪᠡ ᠃      ᠣᠶᠢᠯᠠᠭᠠᠭᠰᠠᠨ ᠢᠶᠠᠷ᠂ ᠨᠢᠭᠡ ᠵᠢᠯ ᠤᠨ ᠬᠤᠭᠤᠴᠠᠭ᠎ᠠ  ᠲᠠᠢ ᠬᠡᠷᠡᠭᠯᠡᠭᠡ  ᠶᠢ ᠠᠬᠢᠭᠤᠯᠬᠤ ᠠᠵᠢᠯᠯᠠᠭ᠎ᠠ ᠳᠤᠮᠳᠠ᠂ ᠮᠠᠨ ᠤ ᠰᠢᠶᠠᠨ ︽ᠵᠠᠭᠤᠨ ᠡᠳᠦᠷ  ᠲᠤ ᠮᠢᠩᠭᠠᠨ ᠲᠦᠮᠡᠨ ᠬᠥᠮᠥᠨ ᠡᠯᠰᠡᠬᠦ ᠲᠤᠰᠬᠠᠢ ᠠᠵᠢᠯᠯᠠᠭ᠎ᠠ︾ ᠵᠡᠷᠭᠡ ᠠᠵᠢᠯ ᠣᠯᠭᠤᠯᠲᠠ  ᠶᠢᠨ ᠦᠢᠯᠡᠴᠢᠯᠡᠭᠡᠨ  ᠤ ᠠᠵᠢᠯᠯᠠᠭ᠎ᠠ ᠂ ᠵᠢᠴᠢ ᠬᠠᠭᠤᠴᠢᠨ  ᠢᠶᠠᠷ ᠰᠢᠨ᠎ᠡ ᠶᠢ ᠰᠣᠯᠢᠬᠤ᠂ ᠬᠤᠳᠠᠯᠳᠤᠭᠠᠴᠢᠳ ᠲᠤ ᠠᠰᠢᠭ ᠣᠯᠭᠤᠵᠤ ᠪᠣᠷᠤᠯᠠᠭᠤᠯᠭ᠎ᠠ  ᠶᠢ ᠠᠬᠢᠭᠤᠯᠬᠤ᠂ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠪᠣᠯᠣᠨ ᠫᠢᠸᠤ᠋ ᠠᠮᠲᠠᠲᠤ ᠢᠳᠡᠭᠡᠨ ᠤ ᠪᠠᠶᠠᠷ᠂ ᠡᠷᠲᠡᠨ ᠤ ᠬᠠᠶᠢᠯᠠᠰᠤᠨ ᠤ ᠰᠣᠶᠣᠯ ᠵᠢᠭᠤᠯᠴᠢᠯᠠᠯ ᠤᠨ ᠪᠠᠶᠠᠷ᠂ ᠮᠠᠶᠢᠰᠢᠨ ᠰᠣᠶᠣᠯ ᠤᠷᠠᠯᠢᠭ ᠤᠨ ᠪᠠᠶᠠᠷ ᠵᠡᠷᠭᠡ ᠤᠷᠠᠨ ᠰᠠᠶᠢᠬᠠᠨ ᠤ ᠠᠵᠢᠯᠯᠠᠭ᠎ᠠ᠂ ᠡᠯ᠎ᠡ ᠲᠥᠷᠥᠯ ᠤᠨ ᠠᠵᠢᠯᠯᠠᠭ᠎ᠠ ᠶᠢ ᠡᠷᠭᠢᠯᠡᠬᠦ  ᠪᠠᠷ ᠳᠠᠮᠵᠢᠭᠤᠯᠤᠨ ︽ᠠᠵᠢᠯ ᠣᠯᠭᠤᠯᠲᠠ ᠶᠢ ᠠᠬᠢᠭᠤᠯᠬᠤ ︱ ᠬᠡᠷᠡᠭᠯᠡᠭᠡ ᠶᠢ ᠠᠬᠢᠭᠤᠯᠬᠤ ︱ ᠰᠣᠶᠣᠯ ᠢ ᠠᠬᠢᠭᠤᠯᠬᠤ︾ ᠭᠤᠷᠪᠠᠨ ᠬᠡᠯᠬᠢᠶ᠎ᠡ  ᠪᠠᠷ ᠬᠤᠯᠪᠤᠭᠠᠯᠠᠨ ᠬᠥᠳᠡᠯᠦᠯᠴᠡᠵᠦ ᠠᠷᠠᠳ ᠲᠤ ᠠᠰᠢᠭ ᠬᠦᠷᠲᠡᠭᠡᠬᠦ ᠰᠢᠰᠲ᠋ᠧᠮᠵᠢ ᠶᠢ ᠲᠣᠭᠲᠠᠭᠤᠨ ᠢᠶᠠᠷ ᠪᠠᠶᠢᠭᠤᠯᠵᠤ᠂ ᠰᠢᠶᠠᠨ ᠤ ᠬᠡᠪᠴᠢᠶᠡᠨ ᠤ ᠥᠷᠭᠡᠨ ᠣᠯᠠᠨ ᠠᠷᠠᠳ ᠲᠦᠮᠡᠨ ᠳᠤ ᠠᠵᠢᠯ ᠣᠯᠬᠤ ᠳᠤ ᠠᠷᠭ᠎ᠠ ᠲᠠᠢ᠂ ᠬᠡᠷᠡᠭᠯᠡᠭᠡ ᠳᠤ ᠠᠰᠢᠭ ᠲᠠᠢ᠂ ᠰᠣᠶᠣᠯ ᠴᠡᠩᠭᠡᠯ ᠳᠤ ᠵᠣᠯ ᠵᠢᠷᠭᠠᠯ ᠲᠠᠢ ᠰᠢᠨ᠎ᠡ ᠵᠢᠷᠤᠭ ᠲᠥᠰᠥᠪ ᠢ ᠡᠳ᠋ᠯᠡᠭᠦᠯᠦᠨ᠎ᠡ᠃ 
 
ᠢᠷᠡᠯᠲᠡ᠄ ᠺᠠᠶᠢᠯᠦ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号