ᠲᠡᠷᠢᠭᠦᠨ ᠤ ᠭᠠᠵᠠᠷ ᠣᠷᠣᠨ ᠤ ᠵᠠᠪᠰᠠᠷ ᠤᠨ ᠲᠤᠷᠰᠢᠯᠲᠠ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠬᠥᠭᠵᠢᠯᠲᠡ ᠠᠵᠢᠯᠯᠠᠭᠠᠨ ᠵᠡᠷᠭᠡ ᠲᠠᠯ᠎ᠠ ᠶᠢᠨ ᠲᠤᠷᠰᠢᠯᠭ᠎ᠠ ᠠᠷᠭ᠎ᠠ ᠬᠢᠳᠡᠯ ᠢ ᠤᠯᠠᠮ ᠨᠢᠭᠡ | ᠠᠯᠬᠤᠮ ᠰᠤᠷᠤᠯᠴᠠᠨ ᠯᠠᠪᠯᠠᠯᠲᠠ ᠪᠣᠯᠭᠠᠬᠤ ᠶᠢᠨ ᠲᠥᠯᠥᠭᠡ᠂ 3 ᠰᠠᠷ᠎ᠠ ᠶᠢᠨ 24 ᠤ ᠡᠳᠦᠷ ᠠᠴᠠ 25 ᠤ ᠡᠳᠦᠷ | ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠠᠩᠭᠢ ᠳᠠᠭᠠᠭᠤᠯᠤᠨ᠂ ᠤᠷᠢᠳ ᠬᠤᠵᠢᠳ | ᠲᠢᠶᠠᠨᠵᠢᠨ ᠬᠤᠲᠠ ᠶᠢᠨ ᠬᠤᠸᠠ ᠰᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ︵ᠲᠢᠶᠠᠨᠵᠢᠨ︶ ᠤᠨ | ᠬᠢᠵᠠᠭᠠᠷᠲᠤ ᠺᠣᠮᠫᠠᠨᠢ᠂ ᠲᠢᠶᠠᠨᠵᠢᠨ ᠤ ᠤᠯᠤᠰ ᠤᠨ ᠨᠡᠶᠢᠯᠡᠮᠡᠯ ᠠᠮᠢᠳᠤ ᠪᠣᠳᠠᠰ ᠤᠨ ᠰᠢᠨ᠎ᠡ ᠶᠢ ᠡᠭᠦᠳᠬᠦ ᠲᠥᠪ ᠤᠨ | ᠭᠤᠣᠯᠯᠠᠬᠤ ᠰᠤᠳᠤᠯᠤᠨ ᠨᠡᠭᠡᠭᠡᠬᠦ ᠰᠠᠭᠤᠷᠢᠨ ᠭᠠᠵᠠᠷ ᠵᠢᠴᠢ ᠫᠠᠨᠵᠢᠨ ᠬᠤᠲᠠ ᠶᠢᠨ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠲᠤᠷᠰᠢᠯᠲᠠ ᠶᠢᠨ ᠰᠠᠭᠤᠷᠢᠨ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠪᠠ᠃ | ᠰᠢᠶᠠᠨ ᠤ ᠠᠵᠤ ᠦᠢᠯᠡᠳᠪᠦᠷᠢ ᠶᠢᠨ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠂ | ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ | ᠣᠷᠣᠯᠴᠠᠪᠠ ᠃ | | | | | | ᠬᠤᠸᠠ ᠰᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ︵ ᠲᠢᠶᠠᠨᠵᠢᠨ ︶ ᠤᠨ ᠬᠢᠵᠠᠭᠠᠷᠲᠤ | ᠺᠣᠮᠫᠠᠨᠢ ᠳᠤ ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠤᠸᠠ ᠰᠢ ᠠᠮᠢᠳᠤ ᠪᠣᠳᠠᠰ ᠤᠨ ︽ ᠠᠵᠤ | ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ︾ ᠤ ᠨᠢᠭᠡ ᠴᠣᠭᠴᠠᠵᠢᠭᠤᠯᠤᠭᠰᠠᠨ | ᠲᠤᠷᠰᠢᠯᠲᠠ ᠶᠢᠨ ᠵᠢᠱᠢᠶ᠎ᠡ ᠦᠵᠡᠭᠦᠯᠬᠦ ᠲᠠᠪᠴᠠᠩ ᠤᠨ ᠰᠠᠭᠤᠷᠢᠨ ᠢ ᠲᠣᠭᠤᠷᠢᠨ ᠦᠵᠡᠵᠦ ᠂ ᠬᠤᠸᠠ ᠰᠢ ᠠᠮᠢᠳᠤ | ᠪᠣᠳᠠᠰ ᠤᠨ ᠲᠤᠷᠰᠢᠯᠲᠠ ᠶᠢᠨ ᠰᠠᠭᠤᠷᠢᠨ ᠤ ᠠᠵᠢᠯᠯᠠᠭᠠᠨ ᠤ ᠵᠠᠭᠪᠤᠷ ᠪᠣᠯᠣᠨ ᠠᠵᠢᠯ ᠤᠨ ᠲᠣᠭᠲᠠᠴᠠ ᠶᠢ ᠨᠠᠷᠢᠨ | ᠣᠶᠢᠯᠠᠭᠠᠪᠠ ᠃ ᠬᠤᠶᠠᠷ ᠲᠠᠯ᠎ᠠ ᠪᠠᠷ ᠢᠶᠠᠨ ᠵᠠᠪᠰᠠᠷ ᠤᠨ ᠲᠤᠷᠰᠢᠯᠲᠠ ᠶᠢᠨ ᠰᠠᠭᠤᠷᠢᠨ ᠤ ᠰᠤᠳᠤᠯᠤᠨ ᠨᠡᠭᠡᠭᠡᠵᠦ | ᠰᠢᠨ᠎ᠡ ᠶᠢ ᠡᠭᠦᠳᠬᠦ ᠴᠢᠳᠠᠪᠤᠷᠢ ᠂ ᠵᠠᠪᠰᠠᠷ ᠤᠨ ᠲᠤᠷᠰᠢᠯᠲᠠ ᠪᠣᠯᠣᠨ ᠠᠵᠤ ᠦᠢᠯᠡᠰ ᠤᠨ ᠬᠤᠪᠢᠷᠠᠭᠤᠯᠤᠯᠲᠠ ᠶᠢᠨ | ᠴᠢᠳᠠᠪᠤᠷᠢ ᠂ ᠵᠠᠬ᠎ᠠ ᠳᠡᠯᠭᠡᠭᠦᠷ ᠤᠨ ᠬᠤᠪᠢᠷᠠᠭᠤᠯᠤᠯᠲᠠ ᠶᠢᠨ ᠴᠢᠳᠠᠪᠤᠷᠢ ᠂ ᠲᠦᠷᠦᠯ ᠵᠦᠢᠯ ᠤᠨ ᠬᠠᠮᠢᠶᠠᠷᠤᠯᠲᠠ ᠪᠣᠯᠣᠨ | ᠵᠢᠷᠤᠮᠵᠢᠯ ᠂ ᠬᠢᠨᠠᠨ ᠵᠥᠪᠰᠢᠶᠡᠷᠡᠬᠦ ᠠᠵᠢᠯᠯᠠᠭᠠᠨ ᠵᠢᠴᠢ ᠬᠠᠮᠲᠤᠷᠠᠯᠴᠠᠭᠠᠨ ᠤ ᠵᠠᠭᠪᠤᠷ ᠵᠡᠷᠭᠡ ᠠᠰᠠᠭᠤᠳᠠᠯ ᠢ ᠭᠦᠨᠵᠡᠭᠡᠢ | ᠰᠤᠳᠤᠯᠤᠨ ᠶᠠᠷᠢᠯᠴᠠᠵᠤ ᠂ ᠰᠠᠶᠢᠨ ᠰᠠᠶᠢᠬᠠᠨ ᠣᠯᠣᠯᠴᠠᠭ᠎ᠠ ᠲᠠᠢ ᠪᠣᠯᠤᠭᠰᠠᠨ ᠪᠥᠭᠡᠳ ᠤᠷ᠎ᠠ ᠮᠡᠷᠭᠡᠵᠢᠯ ᠢ | ᠰᠢᠯᠢᠳᠡᠭᠵᠢᠭᠦᠯᠬᠦ ᠂ ᠠᠵᠤ ᠠᠬᠤᠶᠢᠯᠠᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠬᠦᠯᠢᠶᠡᠨ ᠠᠪᠬᠤ ᠵᠡᠷᠭᠡ | ᠬᠤᠶᠢᠰᠢᠳᠠ ᠶᠢᠨ ᠬᠠᠮᠲᠤᠷᠠᠯᠴᠠᠭ᠎ᠠ ᠶᠢᠨ ᠲᠤᠬᠠᠢ ᠪᠠᠷᠠᠯᠠᠪᠠ᠃ | | | | | | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠢᠶᠠᠨᠵᠢᠨ ᠤ ᠠᠵᠤ ᠦᠢᠯᠡᠳᠪᠦᠷᠢ ᠶᠢᠨ | ᠠᠮᠢᠳᠤ ᠪᠣᠳᠠᠰ ᠤᠨ ᠮᠡᠷᠭᠡᠵᠢᠯ ᠤᠨ ᠰᠤᠳᠤᠯᠭᠠᠨ ᠤ ᠭᠠᠵᠠᠷ ᠲᠤ ᠂ ᠰᠢᠨᠵᠢᠯᠡᠨ ᠪᠠᠶᠢᠴᠠᠭᠠᠬᠤ ᠳᠤᠭᠤᠶᠢᠯᠠᠩ | ᠰᠤᠳᠤᠯᠭᠠᠨ ᠤ ᠬᠦᠷᠢᠶᠡᠯᠡᠩ ᠤᠨ ᠲᠤᠷᠰᠢᠯᠲᠠ ᠶᠢᠨ ᠲᠠᠰᠤᠭ ᠂ ᠲᠠᠪᠴᠠᠩ ᠤᠨ ᠲᠥᠬᠦᠭᠡᠷᠦᠮᠵᠢ ᠵᠢᠴᠢ ᠨᠡᠶᠢᠯᠡᠮᠡᠯ | ᠠᠮᠢᠳᠤ ᠪᠣᠳᠠᠰ ᠤᠨ ᠰᠢᠨ᠎ᠡ ᠶᠢ ᠡᠭᠦᠳᠬᠦ ᠲᠥᠪ ᠤᠨ ᠭᠤᠣᠯ ᠰᠤᠳᠤᠯᠤᠨ ᠨᠡᠭᠡᠭᠡᠬᠦ ᠰᠠᠭᠤᠷᠢᠨ ᠢ ᠲᠤᠬᠠᠢ ᠶᠢᠨ ᠭᠠᠵᠠᠷ | ᠲᠤᠨᠢ ᠲᠣᠭᠤᠷᠢᠨ ᠦᠵᠡᠵᠦ ᠂ ᠰᠤᠳᠤᠯᠭᠠᠨ ᠤ ᠬᠦᠷᠢᠶᠡᠯᠡᠩ ᠤᠨ ᠨᠡᠶᠢᠯᠡᠮᠡᠯ ᠠᠮᠢᠳᠤ ᠪᠣᠳᠠᠰ ᠤᠨ ᠤᠬᠠᠭᠠᠨ ᠤ | ᠰᠠᠭᠤᠷᠢ ᠰᠤᠳᠤᠯᠭᠠᠨ ᠂ ᠵᠠᠪᠰᠠᠷ ᠤᠨ ᠲᠤᠷᠰᠢᠯᠲᠠ ᠶᠢᠨ ᠰᠠᠭᠤᠷᠢᠨ ᠤ ᠲᠠᠪᠴᠠᠩ ᠤᠨ ᠪᠠᠶᠢᠭᠤᠯᠤᠯᠲᠠ ᠵᠢᠴᠢ | ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠲᠠᠯ᠎ᠠ ᠶᠢᠨ ᠪᠠᠶᠢᠳᠠᠯ ᠢ ᠨᠠᠷᠢᠨ | ᠣᠶᠢᠯᠠᠭᠠᠪᠠ ᠃ ᠰᠢᠨᠵᠢᠯᠡᠨ ᠪᠠᠶᠢᠴᠠᠭᠠᠵᠤ ᠰᠣᠯᠢᠯᠴᠠᠬᠤ ᠳᠤᠮᠳᠠ ᠂ ᠬᠤᠶᠠᠷ ᠲᠠᠯ᠎ᠠ ᠪᠠᠷ ᠢᠶᠠᠨ ᠢᠯᠡᠳᠬᠡᠭᠰᠡᠨ ᠨᠢ᠂ | ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ ᠂ ᠬᠦᠷᠢᠶᠡᠯᠡᠩ ᠪᠠ | ᠣᠷᠣᠨ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠂ ᠰᠢᠨᠵᠢᠯᠡᠬᠦ ᠤᠬᠠᠭᠠᠨ ᠤ ᠰᠤᠳᠤᠯᠭᠠᠨ ᠂ ᠲᠠᠪᠴᠠᠩ ᠤᠨ | ᠪᠠᠶᠢᠭᠤᠯᠤᠯᠲᠠ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠴᠢᠨᠠᠭᠰᠢᠳᠠ ᠴᠢᠩᠭᠠᠳᠬᠠᠵᠤ ᠂ ᠳᠠᠪᠠᠭᠤᠯᠢᠭ ᠢᠶᠠᠨ ᠬᠠᠷᠢᠯᠴᠠᠨ | ᠨᠥᠬᠦᠪᠦᠷᠢᠯᠡᠬᠦ ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠃ | | | | | | ᠫᠠᠨᠵᠢᠨ ᠬᠤᠲᠠ ᠶᠢᠨ ᠱᠤᠸᠠᠩ ᠲᠠᠢ ᠽᠢ ᠲᠣᠭᠤᠷᠢᠭ ᠲᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ | ᠬᠤᠵᠢᠳ ᠫᠠᠨ ᠶᠢᠨ ᠤ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠵᠠᠪᠰᠠᠷ ᠤᠨ ᠲᠤᠷᠰᠢᠯᠲᠠ ᠶᠢᠨ ᠰᠠᠭᠤᠷᠢᠨ | ᠭᠠᠵᠠᠷ ᠂ ᠫᠠᠨ ᠶᠢᠨ ᠤ ᠰᠠᠨ ᠯᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠰᠢᠨ᠎ᠡ ᠮᠠᠲ᠋ᠧᠷᠢᠶᠠᠯ ᠤᠨ | ᠬᠢᠵᠠᠭᠠᠷᠲᠤ ᠺᠣᠮᠫᠠᠨᠢ ᠂ ᠫᠠᠨ ᠶᠢᠨ ᠤ ᠭᠧ ᠯᠢᠨ ᠺᠠᠢ ᠮᠥᠸᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠳᠤ ᠬᠦᠷᠪᠡ᠃ ᠵᠠᠪᠰᠠᠷ ᠤᠨ ᠲᠤᠷᠰᠢᠯᠲᠠ ᠶᠢᠨ ᠠᠵᠤ ᠦᠶᠢᠯᠡᠰᠵᠢᠯᠲᠡ ᠶᠢᠨ ᠲᠥᠷᠥᠯ ᠵᠦᠢᠯ ᠤᠨ ᠠᠬᠢᠴᠠ᠂ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠵᠠᠪᠰᠠᠷ | ᠤᠨ ᠲᠤᠷᠰᠢᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠤ ᠦᠢᠯᠡᠰ ᠤᠨ ᠰᠠᠭᠤᠷᠢ᠂ | ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠡᠵᠡᠩᠨᠡᠯᠲᠡ ᠬᠠᠮᠢᠶᠠᠷᠤᠯᠲᠠ᠂ ᠲᠥᠷᠥᠯ ᠵᠦᠢᠯ ᠤᠨ | ᠨᠡᠪᠴᠢᠭᠦᠯᠦᠯᠲᠡ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ | ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠶᠠᠷ | ᠲᠠᠯ᠎ᠠ ᠪᠠᠷ ᠢᠶᠠᠨ ᠢᠯᠡᠳᠬᠡᠭᠰᠡᠨ ᠨᠢ᠂ ᠬᠤᠶᠠᠷ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ | ᠪᠠᠶᠢᠷᠢᠰᠢᠭᠤᠯᠤᠯᠲᠠ ᠵᠢᠴᠢ ᠪᠠᠶᠢᠯᠳᠤᠬᠤ ᠪᠣᠳᠣᠯᠭ᠎ᠠ ᠶᠢᠨ ᠴᠢᠭᠯᠡᠯ ᠤᠨ ᠲᠣᠭᠤᠷᠢᠨ ᠳᠤ ᠬᠠᠮᠲᠤᠷᠠᠯᠴᠠᠭ᠎ᠠ ᠪᠠᠨ | ᠴᠢᠩᠭᠠᠳᠬᠠᠵᠤ ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠬᠠᠮᠲᠤᠪᠠᠷ ᠡᠳ᠋ᠯᠡᠵᠦ ᠬᠠᠮᠲᠤᠪᠠᠷ ᠠᠰᠢᠭ ᠬᠦᠷᠲᠡᠵᠦ ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠢᠯᠡᠰᠵᠢᠭᠦᠯᠦᠨ ᠨᠠᠶᠢᠳᠠᠪᠤᠷᠢᠵᠢᠭᠤᠯᠬᠤ ᠶᠢ | ᠲᠦᠷᠭᠡᠳᠬᠡᠵᠦ ᠂ ᠬᠤᠶᠠᠷ ᠭᠠᠵᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠠᠮᠵᠢᠯᠴᠠᠨ ᠬᠥᠭᠵᠢᠬᠦ ᠶᠢ ᠠᠬᠢᠭᠤᠯᠤᠨ᠎ᠠ ᠃ | | ᠳᠠᠷᠠᠭᠠᠴᠢ ᠶᠢᠨ ᠠᠯᠬᠤᠮ ᠳᠤ᠂ ᠺᠠᠶᠢᠯᠤ ᠰᠢᠶᠠᠨ ᠪᠦᠬᠦ ᠰᠢᠶᠠᠨ ᠤ ᠠᠮᠢᠳᠤ ᠪᠣᠳᠠᠰ ᠤᠨ ᠡᠮ ᠡᠮᠨᠡᠯᠭᠡ ᠶᠢᠨ | ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠢᠨ᠎ᠡ ᠦᠢᠯᠡᠳᠪᠦᠷᠢᠯᠡᠯ ᠤᠨ | ᠬᠦᠴᠦᠨ ᠢ ᠪᠣᠶᠢᠵᠢᠭᠤᠯᠤᠨ ᠬᠥᠭᠵᠢᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ︽ᠵᠠᠰᠠᠭ ᠤᠨ ᠣᠷᠳᠣᠨ | ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ ᠣᠯᠠᠨ ᠲᠠᠯ᠎ᠠ ᠶᠢᠨ ᠬᠢᠨ | ᠣᠷᠣᠯᠴᠠᠬᠤ᠂ ᠣᠯᠠᠨ ᠲᠠᠯ᠎ᠠ ᠶᠢᠨ ᠪᠡᠯᠡ ᠣᠷᠣᠭᠤᠯᠤᠯᠲᠠ ᠬᠢᠬᠦ︾ ᠵᠠᠪᠰᠠᠷ ᠤᠨ ᠲᠤᠷᠰᠢᠯᠲᠠ ᠶᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠢᠳᠡᠪᠬᠢᠲᠡᠢ ᠪᠠᠷ ᠯᠠᠪᠯᠠᠯᠲᠠ ᠪᠣᠯᠭᠠᠬᠤ ᠪᠠ ᠬᠠᠶᠢᠨ | ᠰᠦᠪᠡᠭᠴᠢᠯᠡᠵᠦ᠂ ︽ ᠰᠠᠭᠤᠷᠢ ᠰᠤᠳᠤᠯᠭᠠᠨ ︱ ᠮᠡᠷᠭᠡᠵᠢᠯ ᠤᠨ ᠪᠣᠭᠤᠮᠲᠠ ᠰᠢᠪᠲᠤᠯᠬᠤ ︱ ᠮᠡᠷᠭᠡᠵᠢᠯ ᠤᠨ | ᠬᠡᠷᠡᠭᠯᠡᠭᠡ ︱ ᠦᠷ᠎ᠡ ᠪᠦᠲᠦᠭᠡᠯ ᠢ ᠠᠵᠤ ᠦᠢᠯᠡᠰᠵᠢᠭᠦᠯᠬᠦ ︾ ᠪᠦᠬᠦ ᠶᠠᠪᠤᠴᠠ ᠶᠢᠨ ᠰᠢᠨ᠎ᠡ ᠶᠢ ᠡᠭᠦᠳᠬᠦ ᠬᠡᠯᠬᠢᠶ᠎ᠡ ᠶᠢ | ᠪᠦᠬᠦ ᠬᠦᠴᠦᠨ ᠢᠶᠠᠷ ᠢᠶᠠᠨ ᠰᠦᠪᠡᠭᠴᠢᠯᠡᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠳᠠᠭᠠᠭᠤᠯᠬᠤ ᠶᠢ ᠪᠠᠷᠢᠮᠲᠠᠯᠠᠵᠤ ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠂ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠪᠤᠵᠠᠭᠠᠶᠢᠷᠠᠭᠤᠯᠬᠤ ᠂ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ ᠂ ᠺᠠᠶᠢᠯᠤ ᠶᠢᠨ ᠣᠨᠴᠠᠯᠢᠭ ᠲᠠᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠲᠦᠷᠭᠡᠨ ᠪᠦᠷᠢᠯᠳᠦᠭᠦᠯᠦᠨ᠎ᠡ ᠃ ︵ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠠᠴᠠ ᠡᠬᠡ ᠪᠢᠴᠢᠭ ᠬᠠᠩᠭᠠᠪᠠ︶ | |