2025 ᠣᠨ ᠳᠤ ᠲᠦᠩᠯᠢᠶᠣᠤ ᠬᠤᠲᠠ ᠶᠢᠨ ᠬᠠᠪᠤᠷ ᠤᠨ ᠤᠯᠠᠷᠢᠯ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠲᠤᠬᠠᠶ ᠶᠢᠨ ᠲᠠᠯᠠᠪᠤᠷ ᠤᠨ ᠲᠣᠭᠤᠷᠢᠨ ᠦᠵᠡᠬᠦ ᠪᠣᠯᠪᠠᠰᠤᠷᠠᠯ ᠤᠨ ᠠᠩᠭᠢ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2025/4/9
      4 ᠰᠠᠷ᠎ᠠ ᠶᠢᠨ 8 ᠤ ᠡᠳᠦᠷ᠂ 2025 ᠣᠨ ᠳᠤ ᠲᠦᠩᠯᠢᠶᠣᠤ ᠬᠤᠲᠠ ᠶᠢᠨ ᠬᠠᠪᠤᠷ ᠤᠨ ᠤᠯᠠᠷᠢᠯ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠲᠤᠬᠠᠶ ᠶᠢᠨ ᠲᠠᠯᠠᠪᠤᠷ ᠤᠨ ᠲᠣᠭᠤᠷᠢᠨ ᠦᠵᠡᠬᠦ ᠪᠣᠯᠪᠠᠰᠤᠷᠠᠯ ᠤᠨ ᠠᠩᠭᠢ ᠮᠠᠨ ᠤ ᠰᠢᠶᠠᠨ ᠳᠤ ᠶᠠᠪᠤᠭᠳᠠᠵᠤ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠴᠠᠩ ᠯᠢᠶᠠᠩ ᠬᠤᠷᠠᠯ ᠳᠤ ᠣᠷᠣᠯᠴᠠᠵᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠭᠤᠤᠯ ᠬᠠᠷᠢᠭᠤᠴᠠᠯᠭᠠᠲᠠᠨ ᠵᠢᠴᠢ ᠮᠡᠷᠭᠡᠵᠢᠯ ᠤᠨ ᠭᠤᠤᠯᠯᠠᠭᠴᠢ ᠬᠥᠮᠦᠰ ᠣᠷᠣᠯᠴᠠᠪᠠ᠃
a5bb319f317db0f420e5d4dd7dbb2d90_W020250409355919593001.png
      ᠴᠠᠩ ᠯᠢᠶᠠᠩ ᠬᠠᠤᠯᠢ ᠬᠡᠷᠡᠭᠵᠢᠭᠦᠯᠦᠯᠲᠡ  ᠶᠢᠨ ᠬᠢᠨᠠᠯᠲᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠬᠤ᠂ ᠪᠦᠬᠦ ᠣᠷᠣᠨ ᠪᠦᠰᠡ ᠪᠠᠷ ᠡᠭᠡᠭᠦᠯᠦᠨ ᠬᠤᠷᠢᠶᠠᠬᠤ  ᠶᠢ ᠯᠠᠪᠳᠠᠭᠤᠨ ᠪᠠᠲᠤᠲᠠᠶ ᠥᠷᠨᠢᠭᠦᠯᠬᠦ᠂ ᠡᠷᠭᠢᠯᠳᠦᠭᠦᠯᠦᠨ ᠠᠰᠢᠭᠯᠠᠬᠤ ᠵᠡᠷᠭᠡ ᠲᠠᠯ᠎ᠠ ᠪᠠᠷ ᠮᠠᠨ ᠤ ᠰᠢᠶᠠᠨ ᠤ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ  ᠤᠨ ᠲᠤᠷᠰᠢᠯᠭ᠎ᠠ ᠪᠠ ᠠᠷᠭ᠎ᠠ ᠬᠢᠳᠡᠯ  ᠢ ᠲᠠᠨᠢᠯᠴᠠᠭᠤᠯᠪᠠ᠃ ᠲᠡᠷᠡ ᠲᠣᠰ ᠤᠳᠠᠭᠠᠨ  ᠤ ᠦᠵᠡᠭᠦᠯᠭᠡ ᠶᠢᠨ ᠪᠣᠯᠪᠠᠰᠤᠷᠠᠯ  ᠢᠶᠠᠷ ᠠᠵᠠ ᠲᠣᠬᠢᠶᠠᠯ ᠪᠣᠯᠭᠠᠵᠤ᠂ ᠲᠡᠷᠢᠭᠦᠨ ᠤ ᠲᠤᠷᠰᠢᠯᠭ᠎ᠠ ᠶᠢ ᠬᠠᠷᠢᠯᠴᠠᠨ ᠰᠤᠷᠤᠯᠴᠠᠵᠤ᠂ ᠪᠥᠬᠦ ᠬᠤᠲᠠ ᠶᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ  ᠢ ᠴᠢᠨᠠᠷ ᠰᠠᠶᠢᠲᠠᠶ ᠪᠡᠶᠡᠯᠡᠭᠦᠯᠬᠦ  ᠶᠢ ᠬᠠᠮᠲᠤ  ᠪᠠᠷ ᠠᠬᠢᠭᠤᠯᠵᠤ᠂ ᠲᠠᠷᠢᠶᠠᠯᠠᠩ  ᠤᠨ ᠣᠯᠠᠨ ᠡᠬᠢᠳᠤ ᠪᠣᠬᠢᠷᠲᠤᠯ  ᠢ ᠪᠦᠲᠦᠮᠵᠢᠲᠡᠶ ᠬᠤᠷᠢᠭᠯᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠪᠠ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ  ᠶᠢ ᠬᠦᠰᠡᠪᠡ᠃
b5051ea72c41d8d1d4fe45e5023174d1_W020250409355919629344.png
      ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ  ᠶᠢᠨ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠠᠪᠤᠷ  ᠤᠨ ᠤᠯᠠᠷᠢᠯ  ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ︔ ᠬᠤᠷᠠᠯ  ᠳᠤ ᠣᠷᠣᠯᠴᠠᠭᠰᠠᠨ ᠬᠥᠮᠥᠰ ᠪᠠᠰᠠ ᠠᠳᠠᠯᠢ ᠪᠤᠰᠤ ᠬᠤᠷᠢᠶᠠᠨ ᠠᠪᠬᠤ ᠮᠠᠰᠢᠨ ᠪᠠᠭᠠᠵᠢ  ᠶᠢᠨ ᠰᠦᠯᠢᠶᠣᠣ ᠪᠦᠷᠬᠦᠪᠴᠢ  ᠶᠢ ᠬᠤᠷᠢᠶᠠᠨ ᠠᠪᠬᠤ ᠦᠷ᠎ᠡ ᠪᠦᠲᠦᠮᠵᠢ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ ︵ᠵᠠᠩ ᠮᠧᠢ ᠨᠠ ᠂ ᠬᠤ᠋ ᠯᠢ ᠵᠥᠩ︶     
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号