4 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶ᠎ᠠ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ | ᠤᠩᠰᠢᠬᠤ ᠠᠩᠭᠢ ᠶᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠰᠢᠰᠲ᠋ᠧᠮ ᠲᠠᠢ ᠰᠤᠷᠤᠯᠴᠠᠵᠤ᠂ ᠲᠥᠪ ᠤᠨ | ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠭᠰᠠᠨ ᠦᠷ᠎ᠡ | ᠪᠦᠲᠦᠮᠵᠢ ᠪᠠ ᠲᠤᠷᠰᠢᠯᠭ᠎ᠠ ᠪᠠᠨ ᠳ᠋ᠦᠩᠨᠡᠨ ᠰᠤᠷᠤᠯᠴᠠᠵᠤ᠂ ᠪᠥᠬᠦ ᠰᠢᠶᠠᠨ ᠤ ᠰᠤᠷᠤᠯᠴᠠᠯᠭ᠎ᠠ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠭᠰᠡᠨ ᠪᠥᠭᠡᠳ | ᠶᠠᠷᠢᠶ᠎ᠠ ᠲᠠᠯᠪᠢᠪᠠ᠃ | | | | | | ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠵᠢᠴᠢ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠤ ᠤᠳᠤ ᠶᠢᠨ ᠲᠤᠰᠢᠶᠠᠯ ᠲᠠᠢ ᠭᠠᠵᠠᠷ ᠤᠨ ᠲᠡᠰ ᠤᠨ ᠤᠳᠤᠷᠢᠳᠬᠤ ᠺᠠᠳ᠋ᠷ᠂ ᠰᠢᠶᠠᠨ ᠤ ᠠᠷᠠᠳ ᠤᠨ | ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠺᠠᠶᠢᠯᠦ ᠶᠢᠨ | ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ | ᠱᠦᠵᠢ ᠪᠥᠭᠡᠳ ᠳᠡᠳ᠋ ᠡᠷᠬᠢᠯᠡᠭᠴᠢ ᠣᠷᠣᠯᠴᠠᠪᠠ᠃ | ᠨᠣᠮ ᠤᠩᠰᠢᠬᠤ ᠠᠩᠭᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠥᠪᠡᠰᠦᠪᠡᠨ | ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠵᠤ᠂ | ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠢ ᠤᠷᠢᠵᠤ ᠲᠤᠰᠬᠠᠶ ᠰᠡᠳᠦᠪᠲᠦ ᠬᠠᠪᠰᠤᠷᠤᠨ | ᠵᠢᠯᠣᠭᠤᠳᠬᠤ ᠲᠠᠶᠢᠯᠤᠮᠵᠢ ᠬᠢᠯᠭᠡᠪᠡ᠃ | | | | | | ᠸᠠᠩ ᠹᠧᠩ ᠰᠧᠨ ᠴᠢᠩᠭᠠᠳᠬᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠨᠡᠩ | ᠥᠨᠳᠥᠷ ᠵᠣᠭᠰᠣᠴᠠ ᠪᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠲᠤᠭᠤᠰᠢᠯᠠᠭᠤᠯᠤᠨ ᠬᠡᠷᠡᠭᠵᠢᠭᠦᠯᠵᠦ᠂ ᠲᠤᠰ ᠬᠦᠷᠢᠶ᠎ᠡ᠂ ᠲᠤᠰ | ᠹᠷᠣᠨᠲ ᠢᠶᠠᠨ ᠳᠠᠭᠠᠭᠤᠯᠤᠨ ︽ᠰᠤᠷᠤᠯᠴᠠᠨ ᠪᠠᠶᠢᠴᠠᠭᠠᠵᠤ ᠥᠭᠡᠷᠡᠴᠢᠯᠡᠬᠦ︾ ᠡᠯ᠎ᠡ ᠵᠦᠢᠯ ᠤᠨ ᠠᠵᠢᠯ ᠢ ᠴᠢᠨᠠᠷ | ᠰᠠᠶᠢᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠠᠵᠢᠯ ᠤᠨ ᠭᠤᠤᠯᠳᠠᠯᠭ᠎ᠠ ᠪᠠᠨ | ᠴᠢᠩᠭ᠎ᠠ ᠡᠵᠡᠮᠳᠡᠵᠦ᠂ ᠨᠠᠩ ᠥᠨᠳᠥᠷ ᠪᠠᠷᠢᠮᠵᠢᠶ᠎ᠠ ᠪᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ | ᠭᠦᠨᠵᠡᠭᠡᠶ ᠰᠤᠷᠤᠯᠴᠠᠨ ᠨᠠᠷᠢᠨ ᠣᠶᠢᠯᠠᠭᠠᠬᠤ ᠳᠤᠮᠳᠠ ᠦᠵᠡᠯ ᠰᠠᠨᠠᠭᠠᠨ ᠤ ᠰᠠᠭᠤᠷᠢ ᠪᠠᠨ ᠪᠠᠬᠢᠵᠢᠭᠦᠯᠵᠦ᠂ ᠬᠢᠲᠤᠭ᠎ᠠ | ᠶᠢᠨ ᠢᠷ ᠢ ᠳᠣᠲᠣᠭᠰᠢ ᠪᠠᠨ ᠬᠠᠨᠳᠤᠭᠤᠯᠬᠤ ᠳᠤᠮᠳᠠ ᠬᠡᠮ ᠰᠣᠭᠤᠭ ᠢᠶᠠᠨ ᠣᠨᠣᠪᠴᠢᠲᠠᠶ ᠣᠯᠵᠤ᠂ ᠦᠨᠡᠨ ᠬᠦ | ᠬᠠᠲᠠᠭᠤ ᠲᠠᠢ ᠬᠠᠯᠳᠠᠬᠤ ᠳᠤᠮᠳᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ | ᠴᠢᠩᠭᠠᠳᠬᠠᠵᠤ᠂ ᠨᠡᠩ ᠰᠢᠯᠢᠳᠡᠭ ᠰᠤᠷᠲᠠᠯ ᠢᠶᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠰᠠᠨᠠᠭᠠᠴᠢᠯᠠᠭ᠎ᠠ ᠠᠴᠠ | ᠪᠠᠨ ᠡᠭᠦᠷᠭᠡᠯᠡᠬᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠡᠭᠦᠳᠡ ᠪᠠᠨ ᠨᠡᠭᠡᠭᠡᠬᠦ ᠬᠥᠮᠦᠵᠢᠯ ᠢ ᠪᠠᠷᠢᠮᠲᠠᠯᠠᠵᠤ᠂ | ᠬᠠᠷᠠᠯᠲᠠ ᠱᠠᠭᠠᠷᠳᠠᠯᠭ᠎ᠠ ᠶᠢ ᠡᠵᠡᠮᠳᠡᠵᠦ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠤᠯᠴᠠᠯᠭ᠎ᠠ | ᠬᠥᠮᠦᠵᠢᠯ ᠤᠨ ᠡᠯ᠎ᠡ ᠱᠠᠲᠤᠨ ᠤ ᠠᠵᠢᠯ ᠤᠨ ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠰᠠᠶᠢᠲᠤᠷ | ᠪᠡᠶᠡᠯᠡᠭᠦᠯᠬᠦ ᠬᠡᠷᠡᠭᠲᠡᠢ᠃ | ᠬᠤᠶᠠᠷ ᠡᠳᠦᠷ ᠤᠨ ᠲᠤᠷᠰᠢ᠂ ᠰᠢᠶᠠᠨ ᠤ ᠭᠠᠵᠠᠷ ᠤᠨ ᠲᠠᠰ ᠤᠨ ᠤᠳᠤᠷᠢᠳᠬᠤ ᠺᠠᠳ᠋ᠷ ᠲᠤᠰᠬᠠᠶ ᠰᠡᠳᠦᠪᠲᠦ | ᠵᠢᠯᠣᠭᠤᠳᠣᠯᠭ᠎ᠠ ᠰᠣᠨᠣᠰᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠪᠠ ᠭᠦᠨᠵᠡᠭᠡᠶ ᠰᠤᠳᠤᠯᠤᠨ ᠶᠠᠷᠢᠯᠴᠠᠵᠤ | ᠰᠠᠨᠠᠯ ᠢᠶᠠᠨ ᠰᠣᠯᠢᠯᠴᠠᠬᠤ ᠪᠠᠷ ᠳᠠᠮᠵᠢᠭᠤᠯᠤᠨ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ | ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠩ ᠪᠥᠬᠦ ᠲᠠᠯ᠎ᠠ ᠶᠢᠨ᠂ ᠭᠦᠨᠵᠡᠭᠡᠶ ᠤᠶᠢᠯᠠᠭᠠᠨ ᠡᠵᠡᠮᠰᠢᠵᠦ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ | ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠪᠠ᠃ ︵ᠶᠠᠩ ᠵᠢᠩ ᠰᠢᠨ ᠂ ᠵᠠᠩ ᠨᠠᠨ︶ | | |