ᠮᠠᠨ ᠤ ᠰᠢᠶᠠᠨ ︽ᠰᠠᠶᠢᠨ ᠭᠡᠷ ᠤᠨ ᠰᠤᠷᠲᠠᠯ ᠢ ᠤᠯᠠᠮᠵᠢᠯᠠᠨ ᠵᠠᠯᠭᠠᠮᠵᠢᠯᠠᠵᠤ᠂ ᠤᠯᠤᠰ ᠭᠡᠷ ᠤᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠰᠠᠶᠢᠨ ᠭᠡᠷ ᠤᠨ ᠰᠤᠷᠲᠠᠯ ᠰᠠᠶᠢᠨ ᠭᠡᠷ ᠤᠨ ᠰᠤᠷᠭᠠᠯ ᠤᠨ ᠦᠯᠢᠭᠡᠷ ᠢ ᠬᠤᠪᠢᠶᠠᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/14
      5 ᠰᠠᠷ᠎ᠠ ᠶᠢᠨ 13 ᠤ ᠡᠳᠦᠷ᠂ ᠮᠠᠨ ᠤ ᠰᠢᠶᠠᠨ ︽ᠰᠠᠶᠢᠨ ᠭᠡᠷ  ᠤᠨ ᠰᠤᠷᠲᠠᠯ ᠢ ᠤᠯᠠᠮᠵᠢᠯᠠᠨ ᠵᠠᠯᠭᠠᠮᠵᠢᠯᠠᠵᠤ ᠂ ᠤᠯᠤᠰ ᠭᠡᠷ ᠤᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠪᠠᠷ ᠭᠤᠤᠯ ᠰᠡᠳᠦᠪ ᠪᠣᠯᠭᠠᠭᠰᠠᠨ ᠰᠠᠶᠢᠨ ᠬᠡᠷ ᠤᠨ ᠰᠤᠷᠲᠠᠯ ᠰᠠᠶᠢᠨ ᠬᠡᠷ ᠤᠨ ᠰᠤᠷᠭᠠᠯ ᠤᠨ ᠥᠯᠢᠭᠡᠷ ᠢ ᠬᠤᠪᠢᠶᠠᠯᠴᠠᠬᠤ ᠬᠤᠷᠠᠯ ᠬᠤᠷᠠᠯᠳᠤᠪᠠ᠃ ᠰᠢᠶᠠᠨ ᠤ ᠤᠳᠤᠷᠢᠳᠤᠯᠭ᠎ᠠ ᠵᠠᠩ ᠸᠧᠨ ᠵᠢᠶᠦ᠋ᠨ᠂ ᠵᠢᠶᠠᠩ ᠵᠢᠩ ᠶᠢᠩ᠂ ᠯᠢ ᠵᠢᠶᠠᠨ ᠡᠾᠦ᠋ᠢ᠂ ᠰᠦ᠋ ᠰᠢᠤᠸᠠᠢ ᠴᠢᠤᠸᠠᠨ᠂ ᠾᠧ ᠴᠦᠨ ᠡᠾᠦ᠋ᠩ᠂ ᠦ᠋ ᠭᠦᠸᠧ ᠵᠦ᠂ ᠳ᠋ᠢᠩ ᠱᠤ᠋ ᠵᠢᠶᠧ᠂ ᠳ᠋ᠢᠩ ᠬᠦᠢ ᠴᠢᠩ᠂ ᠸᠠᠩ ᡁᠢ ᠭᠤᠸᠠᠩ ᠠᠵᠢᠯᠯᠠᠭ᠎ᠠ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ  ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠵᠢᠶᠠᠨ ᠡᠾᠦ᠋ᠢ ᠪᠠᠶᠠᠷ ᠤᠨ ᠦᠭᠡ ᠬᠡᠯᠡᠪᠡ᠃
62cb1820dbceee5934f881ed938bcb1a_W020250514345343532854.png
      ᠯᠢ ᠵᠢᠶᠠᠨ ᠾᠦᠢ ᠵᠢᠭᠠᠭᠰᠠᠨ ᠨᠢ᠂ ᠭᠡᠷ ᠪᠦᠯᠢ ᠶᠢ ︽ᠰᠠᠶᠢᠨ ᠰᠠᠶᠢᠬᠠᠨ ᠶᠣᠰᠣ ᠰᠤᠷᠲᠠᠬᠤᠨ  ᠢ ᠪᠤᠶᠢᠵᠢᠭᠤᠯᠬᠤ︾ ᠦᠩ ᠰᠢᠮᠡᠯᠢᠭ ᠬᠥᠷᠥᠰᠥ ᠪᠣᠯᠭᠠᠵᠤ᠂ ᠥᠷᠭᠡᠨ ᠤᠯᠠᠨ ᠭᠡᠷ ᠪᠦᠯᠢ  ᠶᠢ ︽ᠭᠡᠷ︾  ᠢᠶᠠᠷ ᠰᠠᠭᠤᠷᠢ ᠪᠣᠯᠭᠠᠵᠤ᠂ ᠶᠣᠰᠣ ᠰᠤᠷᠲᠠᠬᠤᠨ  ᠢ ᠡᠷᠬᠢᠮᠯᠡᠨ ᠰᠠᠶᠢᠨ ᠰᠠᠶᠢᠬᠠᠨ ᠢ ᠬᠥᠭᠡᠭᠡᠴᠡᠯᠳᠦᠬᠦ ᠶᠢ ᠡᠳᠦᠷ ᠲᠤᠳᠤᠮ ᠤᠨ ᠠᠮᠢᠳᠤᠷᠠᠯ ᠳᠤ ᠠᠭᠤᠰᠤᠯᠴᠠᠭᠤᠯᠬᠤ ᠬᠡᠷᠡᠭᠲᠡᠢ᠃ ᠭᠡᠷ ᠪᠦᠯᠢ ᠶᠢ ︽ᠨᠡᠶᠢᠭᠡᠮ ᠤᠨ ᠵᠠᠰᠠᠯᠲᠠ︾ ᠶᠢᠨ ᠰᠠᠭᠤᠷᠢ ᠪᠣᠯᠭᠠᠵᠤ᠂ ᠡᠯ᠎ᠡ ᠱᠠᠲᠤᠨ  ᠤ ᠡᠮᠡᠭᠲᠡᠶᠢᠴᠦᠳ ᠤᠨ ᠬᠤᠯᠪᠣᠭ᠎ᠠ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠳ ᠬᠥᠭᠦᠷᠭᠡ ᠬᠤᠯᠪᠣᠭᠠᠰᠤ  ᠶᠢᠨ ᠦᠢᠯᠡᠳᠦᠯ ᠢᠶᠠᠨ ᠪᠠᠳᠠᠷᠠᠭᠤᠯᠵᠤ᠂ ︽ᠬᠠᠮᠤᠭ ᠤᠨ ᠭᠤᠶᠤ ᠭᠡᠷ ᠪᠦᠯᠢ︾᠂ ︽ᠪᠣᠯᠪᠠᠰᠤᠨ ᠭᠡᠷ ᠪᠦᠯᠢ︾ ᠶᠢ ᠰᠤᠷᠤᠯᠴᠠᠨ ᠤᠬᠠᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠲᠠᠢ ᠤᠢᠢᠷᠠᠳᠤᠭᠰᠠᠨ᠂ ᠬᠠᠯᠠᠭᠤᠨ ᠳᠤᠯᠠᠭᠠᠨ ᠭᠡᠷ ᠤᠨ ᠰᠤᠷᠲᠠᠯ ᠤᠨ ᠦᠯᠢᠭᠡᠷ ᠢ ᠨᠡᠩ ᠤᠯᠠᠨ ᠠᠭᠤᠳᠠᠯᠬᠤ ᠬᠡᠷᠡᠭᠲᠡᠢ᠃ ᠭᠡᠷ ᠪᠦᠯᠢ ᠶᠢ ︽ᠠᠷᠢᠭᠤᠨ ᠴᠢᠬᠡᠴᠢ ᠪᠠᠶᠢᠬᠤ︾ ᠵᠢᠭᠰᠠᠭᠠᠯ ᠤᠨ ᠭᠠᠵᠠᠷ ᠪᠣᠯᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ ᠺᠠᠳ᠋ᠷᠴᠤᠳ ᠤᠨ ᠭᠡᠷ ᠪᠦᠯᠢ ᠲᠦᠷᠦᠭᠦᠯᠡᠨ ︽ᠠᠷᠢᠭᠤᠨ ᠴᠢᠬᠡᠴᠢ ᠭᠡᠷ ᠪᠦᠯᠢ ᠶᠢ ᠨᠢᠭᠡᠳᠬᠡᠬᠦ︾ ᠤᠬᠠᠮᠰᠠᠷ ᠢ ᠪᠠᠲᠤ ᠪᠤᠢ ᠪᠣᠯᠭᠠᠬᠤ ᠶᠢ ᠬᠦᠳᠦᠯᠦᠨ ᠵᠢᠯᠣᠭᠤᠳᠴᠤ᠂ ᠭᠡᠷ ᠪᠦᠯᠢ ᠶᠢᠨ ︽ᠠᠷᠢᠭᠤᠨ ᠴᠢᠬᠡᠴᠢ ᠵᠠᠰᠠᠭ  ᠤᠨ ᠰᠤᠷᠲᠠᠯ  ᠤᠨ ᠰᠠᠯᠬᠢ︾  ᠶᠢ ᠪᠠᠶᠢᠩᠭᠤ ᠦᠯᠢᠶᠡᠵᠦ᠂ ᠭᠡᠷ ᠪᠦᠯᠢ  ᠶᠢᠨ ︽ᠠᠷᠢᠭᠤᠨ ᠴᠢᠬᠡᠴᠢ ᠵᠠᠰᠠᠭ ᠤᠨ ᠨᠣᠮ︾ ᠢ ᠦᠷᠭᠦᠯᠵᠢ ᠤᠩᠰᠢᠵᠤ᠂ ᠭᠡᠷ ᠪᠦᠯᠢ ᠶᠢᠨ ︽ᠠᠷᠢᠭᠤᠨ ᠴᠢᠬᠡᠴᠢ ᠵᠠᠰᠠᠭ ᠤᠨ ᠲᠠᠩᠰᠠ︾ ᠶᠢ ᠪᠠᠶᠢᠩᠭᠤ ᠪᠤᠳᠤᠵᠤ᠂ ᠢᠯᠵᠢᠷᠡᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠬᠢᠮᠯᠡᠬᠦ ᠨᠢᠭᠡᠳᠦᠭᠡᠷ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠭᠡᠷ ᠪᠦᠯᠢ ᠶᠢ ︽ ᠤᠯᠤᠰ ᠭᠡᠷ ᠠᠳᠠᠯᠢ ᠳᠠᠪᠲᠠᠮᠵᠢ︾ ᠶᠢᠨ ᠬᠤᠯᠪᠣᠭᠠᠰᠤ ᠪᠣᠯᠭᠠᠵᠤ᠂ ᠪᠦᠬᠦ ᠰᠢᠶᠠᠨ ᠤ ᠥᠷᠭᠡᠨ ᠤᠯᠠᠨ ᠭᠡᠷ ᠪᠦᠯᠢ ᠬᠤᠪᠢ ᠬᠥᠮᠦᠨ ᠤ ᠬᠦᠰᠡᠯᠡᠩ᠂ ᠭᠡᠷ ᠪᠦᠯᠢ  ᠶᠢᠨ ᠵᠣᠯ ᠵᠢᠷᠭᠠᠯ ᠢ ᠺᠠᠶᠢᠯᠦ ᠶᠢᠨ ᠬᠥᠭᠵᠢᠯᠲᠡ ᠲᠠᠢ ᠨᠢᠭᠲᠠ ᠤᠶᠠᠯᠳᠤᠭᠤᠯᠬᠤ ᠬᠡᠷᠡᠭᠲᠡᠢ᠃      ᠯᠢ ᠵᠢᠶᠠᠨ ᠾᠦᠢ ᠴᠢᠩᠭᠠᠳᠬᠠᠭᠰᠠᠨ ᠨᠢ᠂ ᠲᠤᠰ ᠤᠳᠠᠭ᠎ᠠ  ᠶᠢᠨ ᠠᠵᠢᠯᠯᠠᠭ᠎ᠠ  ᠪᠠᠷ ᠠᠵᠠ ᠲᠣᠬᠢᠶᠠᠯ ᠪᠣᠯᠭᠠᠵᠤ ᠂ ᠥᠪᠡᠷ  ᠤᠨ ᠭᠡᠷ ᠪᠦᠯᠢ  ᠠᠴᠠ  ᠪᠠᠨ ᠡᠬᠢᠯᠡᠨ ᠬᠢᠵᠦ᠂ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ ᠰᠠᠶᠢᠨ ᠭᠡᠷ ᠤᠨ ᠰᠤᠷᠲᠠᠯ ᠢᠶᠠᠷ ᠺᠠᠶᠢᠯᠦ ᠶᠢᠨ ᠡᠬᠡ ᠭᠠᠵᠠᠷ ᠢ ᠤᠮᠳᠠᠯᠠᠵᠤ᠂ ᠰᠠᠶᠢᠨ ᠭᠡᠷ  ᠤᠨ ᠰᠤᠷᠭᠠᠯ  ᠢ ᠲᠦᠭ ᠲᠦᠮᠡᠨ ᠠᠶᠢᠯ ᠡᠷᠦᠬᠡ  ᠪᠠᠷ ᠭᠡᠷᠡᠯᠳᠦᠭᠦᠯᠵᠦ᠂ ᠺᠠᠶᠢᠯᠦ  ᠶᠢᠨ ᠴᠢᠨᠠᠷ ᠰᠠᠶᠢᠲᠠᠢ ᠬᠥᠭᠵᠢᠯᠲᠡ  ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠦᠷ ᠳᠠᠯᠠᠶᠢᠴᠠᠲᠠᠢ ︽ᠭᠡᠷ ᠤᠨ ᠬᠦᠴᠦᠨ︾ ᠢ ᠨᠢᠭᠲᠠᠷᠠᠭᠤᠯᠬᠤ ᠬᠡᠷᠡᠭᠲᠡᠢ ᠃      ᠠᠵᠢᠯᠯᠠᠭ᠎ᠠ ᠨᠢ ᠦᠵᠡᠭᠳᠡᠯᠲᠦ ᠤᠩᠰᠢᠯᠭ᠎ᠠ ︽ᠱᠠᠪᠢ ᠨᠠᠷ  ᠤᠨ ᠳᠦᠷᠢᠮ︾  ᠢᠶᠠᠷ ᠬᠥᠰᠢᠭᠡ ᠪᠠᠨ ᠰᠡᠬᠦᠵᠦ᠂ ᠤᠯᠠᠮᠵᠢᠯᠠᠯᠲᠤ ᠰᠣᠩᠭᠤᠳᠠᠭ ᠪᠦᠲᠦᠭᠡᠯ ᠪᠣᠯᠤᠨ ᠣᠳᠣ ᠦᠶ᠎ᠡ  ᠶᠢᠨ ᠲᠣᠭᠯᠠᠯᠲᠠ  ᠶᠢ ᠠᠭᠤᠰᠤᠯᠴᠠᠭᠤᠯᠬᠤ  ᠪᠠᠷ ᠳᠠᠮᠵᠢᠨ᠂ ᠲᠤᠬᠠᠶ  ᠶᠢᠨ ᠲᠠᠯᠠᠪᠤᠷ ᠲᠤ ᠭᠦᠨ ᠵᠤᠵᠠᠭᠠᠨ ᠠᠭᠤᠷ ᠠᠮᠢᠰᠬᠤᠯ  ᠢ ᠪᠣᠶ ᠪᠣᠯᠭᠠᠪᠠ᠃ ᠳᠠᠭᠤᠤ ᠬᠥᠭᠵᠢᠮ᠂ ᠱᠤᠭ ᠵᠦᠴᠦᠭᠡ᠂ ᠳᠠᠭᠤᠤ ᠬᠥᠭᠵᠢᠮ ᠤᠨ ᠴᠠᠷᠭᠢᠯ ᠬᠤᠯᠪᠣᠭ᠎ᠠ ᠵᠡᠷᠭᠡ ᠫᠷᠣᠭ᠍ᠷᠠᠮ ᠰᠠᠶᠢᠨ ᠭᠡᠷ ᠤᠨ ᠰᠤᠷᠲᠠᠯ᠂ ᠰᠠᠶᠢᠨ ᠭᠡᠷ ᠤᠨ ᠰᠤᠷᠭᠠᠯ ᠤᠨ ᠴᠢᠬᠤᠯᠠ ᠴᠢᠨᠠᠷ ᠢ ᠢᠯᠡᠳᠬᠡᠪᠡ᠃ ᠠᠵᠢᠯᠯᠠᠭ᠎ᠠ ᠶᠢᠨ ᠳᠤᠮᠳᠠ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠰᠣᠷᠭᠤᠭ ᠴᠡᠴᠡᠭ ᠪᠠᠷᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠮᠤᠭ ᠤᠨ ᠭᠤᠶᠣ ᠬᠡᠷ ᠪᠦᠯᠢ ᠶᠢᠨ 8 ᠲᠥᠯᠥᠭᠡᠯᠡᠭᠴᠢ ᠪᠠ ᠪᠥᠬᠦ ᠤᠯᠤᠰ  ᠤᠨ ᠬᠠᠮᠤᠭ ᠤᠨ ᠭᠤᠶᠣ ᠬᠡᠷ ᠪᠦᠯᠢ ᠶᠢᠨ 4 ᠲᠥᠯᠥᠭᠡᠯᠡᠭᠴᠢ ᠳᠤ ᠬᠦᠨᠳᠦᠳᠬᠡᠯ ᠳᠡᠪᠰᠢᠭᠦᠯᠵᠦ ᠬᠤᠸᠠᠷ ᠴᠡᠴᠡᠭ ᠬᠦᠷᠭᠡᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠮᠤᠭ ᠤᠨ ᠭᠤᠶᠣ ᠬᠡᠷ ᠪᠦᠯᠢ ᠶᠢᠨ ᠲᠥᠯᠥᠭᠡᠯᠡᠭᠴᠢ ᠵᠧᠩ ᠲᠦᠩ ᠢᠦᠶ᠂ ᠪᠥᠬᠦ ᠤᠯᠤᠰ ᠤᠨ ᠬᠠᠮᠤᠭ ᠤᠨ ᠭᠤᠶᠣ ᠬᠡᠷ ᠪᠦᠯᠢ ᠶᠢᠨ ᠲᠥᠯᠥᠭᠡᠯᠡᠭᠴᠢ ᠷᠠᠰᠢᠰᠠᠩᠪᠤ ᠵᠢᠴᠢ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠸᠠᠩ ᠷᠦᠢ ᠲᠠᠶᠢᠰᠠᠨ ᠳᠤ ᠭᠠᠷᠴᠤ ᠦᠯᠢᠭᠡᠷ ᠢᠶᠠᠨ ᠬᠤᠪᠢᠶᠠᠯᠴᠠᠵᠤ᠂ ᠲᠤᠬᠠᠶ ᠶᠢᠨ ᠲᠠᠯᠠᠪᠤᠷ ᠤᠨ ᠦᠵᠡᠭᠴᠢᠳ ᠤᠨ ᠬᠠᠯᠠᠭᠤᠨ ᠴᠤᠤᠷᠢᠶ᠎ᠠ ᠶᠢ ᠣᠯᠪᠠ᠃      ᠲᠣᠰ ᠤᠳᠠᠭᠠᠨ ᠤ ᠠᠵᠢᠯᠯᠠᠭ᠎ᠠ ᠶᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠶᠠᠨ ᠤ ᠣᠶᠤᠨ ᠤ ᠪᠣᠯᠪᠠᠰᠤᠨ ᠤ ᠠᠯᠪᠠᠨ ᠬᠡᠷ᠂ ᠰᠢᠶᠠᠨ ᠤ ᠰᠤᠷᠭᠠᠨ ᠬᠥᠮᠦᠵᠢᠯ ᠪᠡᠶ᠎ᠡ  ᠶᠢᠨ ᠲᠠᠮᠢᠷ ᠤᠨ ᠲᠣᠪᠴᠢᠶ᠎ᠠ᠂ ᠰᠢᠶᠠᠨ ᠤ ᠰᠣᠶᠣᠯ ᠵᠢᠭᠤᠯᠴᠢᠯᠠᠯ  ᠤᠨ ᠲᠣᠪᠴᠢᠶ᠎ᠠ  ᠠᠴᠠ ᠭᠤᠤᠯᠯᠠᠨ ᠡᠷᠭᠢᠯᠡᠵᠦ᠂ ᠰᠢᠶᠠᠨ ᠤ ᠬᠠᠮ ᠵᠠᠭᠤᠴᠢᠯᠠᠭᠤᠷ ᠤᠨ ᠲᠥᠪ᠂ ᠤᠯᠠᠭᠠᠨᠮᠥ᠋ᠴᠢᠷ ᠠᠴᠠ ᠳᠠᠭᠠᠭᠠᠴᠢᠯᠠᠨ ᠡᠷᠭᠢᠯᠡᠵᠦ᠂ ᠰᠢᠶᠠᠨ  ᠤ ᠲᠤᠷᠰᠢᠯᠲᠠ  ᠶᠢᠨ ᠪᠠᠭ᠎ᠠ ᠰᠤᠷᠭᠠᠭᠤᠯᠢ᠂ ᠱᠧᠩ ᠯᠢ ᠪᠠᠭ᠎ᠠ ᠰᠤᠷᠭᠠᠭᠤᠯᠢ ᠬᠠᠮᠵᠢᠯᠴᠠᠨ ᠡᠷᠭᠢᠯᠡᠪᠡ᠃ ᠡᠭᠦᠨ ᠤ ᠵᠣᠷᠢᠯᠭ᠎ᠠ ᠨᠢ ᠨᠡᠶᠢᠭᠡᠮ ᠵᠢᠷᠤᠮ  ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠥᠷᠭᠡᠨ ᠣᠯᠠᠨ ᠭᠡᠷ ᠪᠦᠯᠢ ᠶᠢ ᠬᠥᠲᠥᠯᠥᠨ ᠵᠢᠯᠣᠭᠤᠳᠴᠤ ᠪᠠᠶᠢᠭᠠᠳ ᠭᠡᠷ ᠤᠨ ᠰᠤᠷᠲᠠᠯ ᠢ ᠰᠠᠶᠢᠲᠤᠷ ᠬᠥᠮᠥᠵᠢᠭᠦᠯᠵᠦ᠂ ᠭᠡᠷ ᠤᠨ ᠰᠤᠷᠭᠠᠯ ᠢ ᠰᠠᠶᠢᠲᠤᠷ ᠤᠯᠠᠮᠵᠢᠯᠠᠬᠤ ᠶᠢᠨ ᠲᠥᠯᠥᠭᠡ ᠶᠤᠮ᠃ ︵ᠭᠤᠤ ᠪᠢᠩ ᠴᠠᠨ ᠂ ᠭᠦᠸᠧ ᠳ᠋ᠠ ᠯᠧᠢ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号