5 ᠰᠠᠷ᠎ᠠ ᠶᠢᠨ 28 ᠤ ᠡᠳᠦᠷ᠂ ᠪᠥᠬᠦ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠵᠢᠴᠢ ᠪᠥᠬᠦ ᠬᠤᠲᠠ ᠶᠢᠨ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠢ | ᠤᠭᠲᠤᠬᠤ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠾᠧ ᠴᠦᠨ ᠡᠾᠦ᠋ᠩ᠂ ᠰᠢᠶᠠᠨ ᠤ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ᠂ ᠳ᠋ᠠ ᠢᠦᠶ ᠱᠤ᠋ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠯᠢᠶᠠᠩ ᠬᠤᠷᠠᠯ ᠳᠤ | ᠣᠷᠣᠯᠴᠠᠪᠠ᠃ ᠾᠧ ᠴᠦᠨ ᠡᠾᠦ᠋ᠩ ᠶᠠᠷᠢᠶ᠎ᠠ ᠲᠠᠯᠪᠢᠵᠤ᠂ ᠯᠢ ᠯᠢᠶᠠᠩ ᠬᠤᠷᠠᠯ ᠢ ᠡᠷᠬᠢᠯᠡᠪᠡ᠃ | | | | | | ᠾᠧ ᠴᠦᠨ ᠡᠾᠦ᠋ᠩ ᠴᠢᠩᠭᠠᠳᠬᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ | ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠤᠯᠬᠤ︾ ᠣᠪᠣᠷ ᠢᠶᠠᠷ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ | ᠬᠠᠮᠤᠭ ᠤᠨ ᠪᠣᠳᠠᠲᠠᠢ ᠰᠤᠷᠲᠠᠯ ᠢᠶᠠᠷ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠢ᠃ ᠵᠠᠩᠭᠢᠯᠠᠭ᠎ᠠ ᠶᠢᠨ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠲᠠ ᠠᠴᠠ ᠨᠢᠭᠲᠠ ᠪᠠᠶᠢᠬᠤ︾ ᠪᠠᠷᠢᠮᠵᠢᠶ᠎ᠠ ᠪᠠᠷ | ᠪᠡᠯᠡᠳᠬᠡᠯ ᠠᠵᠢᠯ ᠢ ᠠᠬᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠣᠳᠣᠨ | ᠦᠵᠡᠭᠦᠯᠭᠡ ᠶᠢᠨ ᠴᠡᠭ ᠢ ᠪᠠᠶᠢᠭᠤᠯᠬᠤ ᠬᠡᠷᠡᠭᠲᠡᠢ︔ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ | ᠵᠦᠢᠯ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ︔ ᠠᠵᠢᠯᠯᠠᠭ᠎ᠠ ᠶᠢᠨ | ᠲᠥᠰᠦᠯ ᠢ ᠨᠠᠷᠢᠯᠢᠬᠵᠢᠭᠤᠯᠵᠤ᠂ ᠬᠦᠯᠢᠶᠡᠨ ᠠᠪᠬᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ | ᠤᠬᠠᠭᠤᠯᠭ᠎ᠠ ᠶᠢ ᠤᠷᠢᠳᠴᠢᠯᠠᠨ ᠬᠢᠬᠦ ᠶᠢ ᠴᠢᠩᠭᠠᠳᠬᠠᠵᠤ᠂ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠤᠢ ᠪᠣᠯᠭᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠡᠷᠭᠡᠪᠡᠷ | ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠺᠠᠶᠢᠯᠦ ᠶᠢᠨ ᠰᠣᠶᠣᠯ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠭᠡᠷᠡᠯᠳᠦᠬᠦᠯᠵᠦ᠂ ᠪᠦᠬᠦ | ᠬᠤᠳᠠ ᠶᠢᠨ ᠠᠷᠠᠳ ᠲᠦᠮᠡᠨ ᠳᠤ ᠥᠪᠡᠷᠮᠢᠴᠡ ᠣᠨᠴᠠᠯᠢᠭ ᠲᠠᠢ᠂ ᠳᠤᠯᠠᠭᠠᠴᠠ ᠲᠠᠢ᠂ ᠨᠥᠯᠥᠭᠡᠯᠡᠬᠦ ᠬᠦᠴᠦᠨ ᠲᠠᠢ | ᠰᠣᠶᠣᠯ ᠵᠢᠭᠤᠯᠴᠢᠯᠠᠯ ᠤᠨ ᠦᠪᠡᠳᠡᠭᠰᠢ ᠨᠠᠶᠢᠷ ᠢ ᠢᠯᠡᠷᠡᠭᠦᠯᠬᠦ ᠬᠡᠷᠡᠭᠲᠡᠢ᠃ | ᠯᠢ ᠯᠢᠶᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠭᠦᠢᠴᠡᠳ | ᠲᠠᠨᠢᠬᠤ ᠵᠢᠴᠢ ᠪᠦᠬᠦ ᠬᠤᠳᠠ ᠶᠢᠨ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠢ ᠤᠭᠲᠤᠬᠤ ᠠᠵᠢᠯ ᠤᠨ | ᠲᠤᠯᠭᠠᠮ᠎ᠠ ᠴᠢᠨᠠᠷ ᠪᠣᠯᠤᠨ ᠴᠠᠭ ᠤᠨ ᠴᠢᠨᠠᠷ᠂ ᠠᠵᠢᠯ ᠤᠨ ᠴᠢᠭᠯᠡᠯ ᠪᠣᠯᠤᠨ ᠡᠭᠦᠷᠭᠡ ᠵᠡᠷᠭᠡ ᠲᠠᠯ᠎ᠠ ᠪᠠᠷ ᠪᠣᠳᠠᠲᠠᠢ | ᠱᠠᠭᠠᠷᠳᠠᠯᠭ᠎ᠠ ᠳᠤᠷᠠᠳᠪᠠ᠃ | | | | | | ᠬᠤᠷᠠᠯ ᠳᠡᠭᠡᠷ᠎ᠡ᠂ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ ᠬᠠᠷᠢᠭᠤᠴᠠᠯᠭᠠᠲᠠᠨ | ᠭᠤᠤᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠲᠣᠳᠣᠷᠬᠠᠶᠢᠯᠠᠯᠲᠠ ᠬᠢᠪᠡ︔ ᠰᠢᠶᠠᠨ ᠤ | ᠮᠦᠽᠧᠶ᠂ ᠳ᠋ᠠ ᠢᠦᠶ ᠱᠤ᠋ ᠪᠠᠯᠭᠠᠰᠤ᠂ ᠮᠠᠶᠢᠰᠢᠨ ᠪᠠᠯᠭᠠᠰᠤ᠂ ᠰᠢᠶᠠᠨ ᠤ ᠯᠦ ᠶᠤᠸᠠᠨ ᠠᠵᠤ ᠦᠢᠯᠡᠰ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠠᠭᠤᠨ ᠵᠢᠯ ᠤᠨ ᠠᠷᠢᠬᠢᠨ ᠤ ᠦᠢᠯᠡᠰ ᠤᠨ | ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ | ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ᠃ ︵ᠵᠠᠩ ᠮᠧᠢ ᠨᠠ ᠂ ᠶᠠᠩ ᠵᠢᠩ ᠰᠢᠨ︶ | |