5 ᠰᠠᠷ᠎ᠠ ᠶᠢᠨ 29 ᠤ ᠡᠳᠦᠷ᠂ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ ᠬᠤᠷᠠᠯ ᠬᠤᠷᠠᠯᠳᠤᠪᠠ | ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ | ᠸᠧᠨ ᠵᠢᠶᠦ᠋ᠨ ᠬᠤᠷᠠᠯ ᠢ ᠡᠷᠬᠢᠯᠡᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠢᠩ ᠱᠤ᠋ ᠵᠢᠶᠧ᠂ ᠸᠠᠩ ᠶᠢᠨ ᠵᠦᠩ᠂ ᠾᠧ ᠰᠢᠶᠤᠤ ᠯᠢᠶᠠᠨ | ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ | ᠳᠠᠷᠤᠭ᠎ᠠ ᠺᠠᠩ ᠵᠢᠶᠦ᠋ᠨ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠯᠢᠶᠠᠩ᠂ ᠰᠢᠶᠠᠨ ᠤ ᠰᠢᠭᠦᠬᠦ | ᠬᠤᠷᠢᠶᠠᠨ ᠤ ᠳᠠᠷᠤᠭ᠎ᠠ ᠴᠢᠨ ᠰᠢᠶᠤᠤ ᠮᠢᠩ᠂ ᠰᠢᠶᠠᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠸᠠᠩ | ᠴᠤᠤ ᠵᠢᠴᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | | | | | | ᠬᠤᠷᠠᠯ ᠠᠴᠠ ︽ᠰᠢᠶᠠᠨ ᠤ ᠲᠤᠰ ᠱᠠᠲᠤᠨ ᠤ ᠲᠥᠰᠦᠪ ᠢ ᠭᠦᠢᠴᠡᠳᠭᠡᠭᠰᠡᠨ ᠵᠢᠴᠢ ᠪᠤᠰᠤᠳ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ︾ ᠵᠢᠴᠢ | ᠲᠥᠰᠦᠪ ᠤᠨ ᠠᠵᠢᠯ ᠤᠨ ᠵᠥᠪᠯᠡᠯ ᠤᠨ ᠬᠤᠯᠪᠣᠭᠳᠠᠭᠰᠠᠨ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ | ᠬᠢᠨᠠᠨ ᠵᠥᠪᠯᠡᠵᠦ᠂ ᠡᠬᠦᠨ ᠤ ᠬᠠᠮᠳᠤ ᠰᠡᠳᠬᠢᠯ ᠬᠠᠨᠤᠮᠵᠢᠳᠠᠢ ᠪᠠᠶᠢᠬᠤ ᠬᠡᠮᠵᠢᠶ᠎ᠡ ᠶᠢ ᠰᠢᠯᠭᠠᠨ ᠲᠤᠭᠳᠠᠭᠠᠯᠳᠠ ᠬᠢᠵᠤ᠂ | ᠦᠷ᠎ᠡ ᠳ᠋ᠦᠩ ᠨᠢ ᠬᠠᠨᠤᠮᠵᠢᠳᠠᠢ ᠪᠠᠶᠢᠪᠠ ︔ ︽ᠰᠢᠶᠠᠨ ᠤ ᠠᠷᠠᠳ ᠤᠨ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾ ᠵᠢᠴᠢ ᠲᠥᠰᠦᠪ ᠤᠨ ᠠᠵᠢᠯ ᠤᠨ | ᠵᠥᠪᠯᠡᠯ ᠤᠨ ᠵᠣᠬᠢᠴᠠᠩᠭᠤᠶ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠪᠢᠴᠢᠭ ᠤᠨ ᠬᠡᠯᠪᠡᠷᠢ ᠪᠠᠷ ᠬᠢᠨᠠᠨ ᠵᠥᠪᠯᠡᠵᠦ᠂ | ︽ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︿ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ﹀ | ᠶᠢ ᠬᠢᠨᠠᠨ ᠵᠥᠪᠯᠡᠭᠰᠡᠨ ᠲᠤᠬᠠᠶ ᠰᠠᠨᠠᠯ︾ ᠢ ᠬᠢᠨᠠᠨ ᠵᠥᠪᠯᠡᠵᠦ ᠪᠠᠲᠤᠯᠠᠪᠠ ︔ ︽ᠰᠢᠶᠠᠨ ᠤ ᠠᠷᠠᠳ ᠤᠨ ᠵᠠᠰᠠᠭ ᠤᠨ | ᠣᠷᠳᠣᠨ ᠤ ᠪᠥᠬᠦ ᠰᠢᠶᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ︾ | ᠶᠢ ᠰᠣᠨᠣᠰᠴᠤ ᠬᠢᠨᠠᠨ ᠵᠥᠪᠯᠡᠵᠦ ᠂ ︽ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ︿ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠥᠬᠦ ᠰᠢᠶᠠᠨ ᠤ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ﹀ ᠶᠢ ᠬᠢᠨᠠᠨ ᠵᠥᠪᠯᠡᠭᠰᠡᠨ ᠲᠤᠬᠠᠶ ᠰᠠᠨᠠᠯ︾ ᠢ | ᠬᠢᠨᠠᠨ ᠵᠥᠪᠯᠡᠵᠦ ᠪᠠᠲᠤᠯᠠᠪᠠ ︔ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠦᠬᠦ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ ᠪᠠᠲᠤᠯᠠᠪᠠ︔ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠭᠰᠠᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ | ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ ᠪᠠᠲᠤᠯᠠᠪᠠ︔ | ᠲᠥᠯᠥᠭᠡᠯᠡᠭᠴᠢᠳ ᠤᠨ ᠲᠤᠰᠢᠶᠠᠯ ᠠᠴᠠ ᠪᠠᠨ ᠪᠠᠭᠤᠬᠤ ᠶᠢ ᠬᠦᠯᠢᠶᠡᠪᠡ︔ ᠺᠠᠶᠢᠯᠦ ᠰᠢᠶᠠᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ | ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ | ᠬᠡᠮ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠪᠠ᠃ | ︵ᠴᠢᠨ ᠶᠢᠩ︶ | |