ᠲᠦᠩᠯᠢᠶᠣᠤ ᠬᠤᠲᠠ ᠶᠢᠨ 2025 ᠣᠨ ᠤ ︽ᠺᠠᠶᠢᠯᠦ ︱ ᠲᠦᠩᠯᠢᠶᠣᠣ ᠬᠦᠷᠬᠦ︾ ᠵᠠᠰᠠᠮᠠᠯ ᠵᠠᠮ ᠤᠨ ᠬᠦᠴᠦᠨ ᠵᠠᠯᠭᠠᠬᠤ ᠤᠷᠤᠯᠳᠤᠭᠠᠨ ᠵᠢᠴᠢ ᠺᠠᠶᠢᠯᠦ ᠰᠢᠶᠠᠨ ᠤ ᠬᠤᠷᠢᠳᠤᠭᠠᠷ ᠬᠤᠭᠤᠴᠠᠭᠠᠨ ᠤ ︽ᠴᠠᠭᠠᠨ ᠰᠤᠪᠤᠷᠭ᠎ᠠ ᠬᠤᠨᠳᠠᠭᠠᠲᠤ︾ ᠵᠠᠰᠠᠮᠠᠯ ᠵᠠᠮ ᠤᠨ ᠬᠡᠭᠡᠷᠡᠯᠡᠨ ᠭᠦᠶᠦᠬᠦ ᠤᠷᠤᠯᠳᠤᠭᠠᠨ ᠫᠤᠤ ᠳᠤᠤᠭᠠᠷᠭᠠᠵᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2025/5/6
      4 ᠰᠠᠷ᠎ᠠ ᠶᠢᠨ 30 ᠤ ᠡᠳᠦᠷ᠂ ᠬᠤᠲᠠ  ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠰᠢᠶᠠᠨ  ᠤ ᠵᠠᠰᠠᠭ  ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠲᠠ ᠶᠢᠨ ᠪᠡᠶ᠎ᠡ ᠶᠢᠨ ᠲᠠᠮᠢᠷ ᠤᠨ ᠳᠤᠮᠳᠠᠳᠤ ᠰᠤᠷᠭᠠᠭᠤᠯᠢ᠂ ᠰᠢᠶᠠᠨ ᠤ ᠰᠤᠷᠭᠠᠨ ᠬᠥᠮᠦᠵᠢᠯ ᠪᠡᠶ᠎ᠡ  ᠶᠢᠨ ᠲᠠᠮᠢᠷ  ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠲᠦᠩᠯᠢᠶᠣᠤ ᠬᠤᠲᠠ ᠶᠢᠨ 2025 ᠣᠨ ᠤ ︽ ᠺᠠᠶᠢᠯᠦ ︱ ᠲᠦᠩᠯᠢᠶᠣᠣ ᠬᠦᠷᠬᠦ︾ ᠵᠠᠰᠠᠮᠠᠯ ᠵᠠᠮ  ᠤᠨ ᠬᠦᠴᠦᠨ ᠵᠠᠯᠭᠠᠬᠤ ᠤᠷᠤᠯᠳᠤᠭᠠᠨ ᠵᠢᠴᠢ ᠺᠠᠶᠢᠯᠦ ᠰᠢᠶᠠᠨ ᠤ ᠬᠤᠷᠢᠳᠤᠭᠠᠷ ᠬᠤᠭᠤᠴᠠᠭᠠᠨ ᠤ ︽ᠴᠠᠭᠠᠨ ᠰᠤᠪᠤᠷᠭ᠎ᠠ ᠬᠤᠨᠳᠠᠭᠠᠲᠤ︾ ᠵᠠᠰᠠᠮᠠᠯ ᠵᠠᠮ  ᠤᠨ ᠬᠡᠭᠡᠷᠡᠯᠡᠨ ᠭᠦᠶᠦᠬᠦ ᠤᠷᠤᠯᠳᠤᠭᠠᠨ ᠰᠢᠶᠠᠨ ᠤ ᠠᠷᠠᠳ ᠤᠨ ᠠᠭᠤᠳᠠᠮ ᠲᠠᠯᠠᠪᠠᠶ ᠳᠤ ᠫᠤᠤ ᠳᠤᠤᠭᠠᠷᠭᠠᠵᠤ ᠤᠷᠤᠯᠳᠤᠭᠠᠨ ᠡᠬᠢᠯᠡᠪᠡ ᠃ ᠰᠢᠶᠠᠨ  ᠤ ᠨᠠᠮ  ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠶᠣᠤ᠂ ᠰᠢᠶᠠᠨ ᠤ ᠨᠠᠮ  ᠤᠨ ᠬᠤᠷᠢᠶᠠᠨ  ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠠᠯᠲᠠᠨᠬᠦᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ  ᠶᠢᠨ ᠬᠤᠷᠢᠶᠠᠨ ᠤ ᠳᠡᠳ᠋ ᠡᠷᠬᠢᠯᠡᠭᠴᠢ ᠳ᠋ᠢᠩ ᠱᠤ᠋ ᠵᠢᠶᠧ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠪᠦᠦ ᠴᠧᠩ ᠠᠵᠢᠯᠯᠠᠭ᠎ᠠ  ᠳᠤ ᠣᠷᠣᠯᠴᠠᠪᠠ᠃
acc2cc54d5492172c6076a213ae13885_W020250506370807731528.png
      ᠴᠠᠩ ᠪᠦᠦ ᠴᠧᠩ ᠡᠬᠢᠯᠡᠯᠲᠡ  ᠶᠢᠨ ᠶᠣᠰᠣᠯᠠᠯ ᠳᠡᠭᠡᠷᠡᠬᠢ ᠪᠠᠶᠠᠷ  ᠤᠨ ᠦᠭᠡᠨ ᠳᠤ ᠪᠠᠨ ᠬᠡᠯᠡᠭᠰᠡᠨ ᠨᠢ᠂ ︽ ᠺᠠᠶᠢᠯᠦ ︱ ᠲᠦᠩᠯᠢᠶᠣᠣ ᠬᠦᠷᠬᠦ︾ ᠵᠠᠰᠠᠮᠠᠯ ᠵᠠᠮ  ᠤᠨ ᠬᠦᠴᠦᠨ ᠵᠠᠯᠭᠠᠬᠤ ᠤᠷᠤᠯᠳᠤᠭᠠᠨ ᠬᠠᠭᠠᠰ ᠵᠠᠭᠤᠨ ᠤ ᠪᠡᠶ᠎ᠡ ᠶᠢᠨ ᠲᠠᠮᠢᠷ ᠤᠨ ᠤᠯᠠᠮᠵᠢᠯᠠᠯ ᠢ ᠠᠴᠢᠶᠠᠯᠠᠵᠤ᠂ ︽ᠴᠠᠭᠠᠨ ᠰᠤᠪᠤᠷᠭ᠎ᠠ ᠬᠤᠨᠳᠠᠭᠠᠲᠤ︾ ᠵᠠᠰᠠᠮᠠᠯ ᠵᠠᠮ  ᠤᠨ ᠬᠡᠭᠡᠷᠡᠯᠡᠨ ᠭᠦᠶᠦᠬᠦ ᠤᠷᠤᠯᠳᠤᠭᠠᠨ ᠴᠤ ᠬᠤᠷᠢᠨ ᠵᠢᠯ  ᠤᠨ ᠴᠠᠭ ᠬᠤᠭᠤᠴᠠᠭ᠎ᠠ ᠶᠢ ᠥᠩᠭᠡᠷᠡᠵᠦ ᠪᠠᠶᠢᠨ᠎ᠠ᠃ ᠡᠨᠡ ᠬᠤᠶᠠᠷ ᠵᠦᠢᠯ  ᠤᠨ ᠤᠷᠤᠯᠳᠤᠭᠠᠨ ᠨᠢ ᠵᠥᠪᠬᠡᠨ ᠬᠤᠷᠳᠤᠴᠠ ᠪᠠ ᠰᠥᠰᠥ ᠵᠣᠷᠢᠭ  ᠤᠨ ᠦᠵᠡᠯᠴᠡᠭᠡᠨ ᠪᠣᠯᠬᠤ  ᠪᠠᠷ ᠪᠠᠷᠠᠬᠤ ᠥᠬᠡᠶ᠂ ᠪᠠᠰᠠ ᠴᠤ ᠲᠠᠮᠢᠷᠴᠢᠳ ᠤᠨ ᠥᠪᠡᠷ  ᠢ  ᠪᠠᠨ ᠢᠯᠡᠷᠡᠭᠦᠯᠬᠦ᠂ ᠬᠢᠵᠠᠭᠠᠷ ᠢ ᠢᠯᠠᠨ ᠳᠠᠪᠠᠭ᠋ᠤ ᠲᠠᠪᠴᠠᠩ ᠪᠣᠯᠤᠨ᠎ᠠ᠂ ᠨᠠᠩ ᠴᠤ ᠨᠥᠬᠦᠷᠯᠡᠯ ᠢ ᠳᠠᠮᠵᠢᠭᠤᠯᠬᠤ᠂ ᠰᠣᠯᠢᠯᠴᠠᠭ᠎ᠠ ᠶᠢ ᠠᠬᠢᠭᠤᠯᠬᠤ ᠲᠠᠪᠴᠠᠩ ᠪᠣᠯᠤᠨ᠎ᠠ᠂ ᠣᠯᠠᠨ ᠲᠦᠮᠡᠨ ᠤ ᠪᠡᠶ᠎ᠡ ᠶᠢᠨ ᠲᠠᠮᠢᠷ ᠪᠠ ᠥᠷᠢᠰᠦᠯᠳᠦᠭᠡᠨ ᠤ ᠪᠡᠶ᠎ᠡ  ᠶᠢᠨ ᠲᠠᠮᠢᠷ  ᠤᠨ ᠪᠥᠬᠦ ᠲᠠᠯ᠎ᠠ  ᠶᠢᠨ ᠵᠣᠬᠢᠴᠠᠩᠭᠤᠶ ᠬᠥᠭᠵᠢᠯᠲᠡ ᠶᠢ ᠪᠦᠲᠦᠮᠵᠢᠲᠡᠶ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠤ ᠣᠶᠤᠨ  ᠤ ᠰᠣᠶᠣᠯ  ᠤᠨ ᠠᠮᠢᠳᠤᠷᠠᠯ ᠢ ᠪᠠᠶᠠᠯᠢᠭᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ  ᠢ ᠠᠬᠢᠭᠤᠯᠵᠤ ᠴᠢᠳᠠᠨ᠎ᠠ᠃
f6d902ace39f7c1c1b9181920bb4c1f6_W020250506370807760958.png
      ᠲᠣᠰ ᠬᠤᠭᠤᠴᠠᠭᠠᠨ  ᠤ ᠤᠷᠤᠯᠳᠤᠭᠠᠨ  ᠨᠢ ︽ᠬᠤᠤᠰ ᠤᠷᠤᠯᠳᠤᠭᠠᠨ ᠤ ᠬᠤᠯᠪᠣᠭᠠᠯᠠᠨ ᠬᠥᠳᠡᠯᠦᠯᠴᠡᠬᠦ︾ ᠵᠠᠭᠪᠤᠷ  ᠢ ᠰᠢᠨ᠎ᠡ ᠶᠢ ᠡᠭᠦᠳᠦᠨ ᠬᠡᠷᠡᠭᠯᠡᠵᠦ᠂ ︽ ᠺᠠᠶᠢᠯᠦ ︱ ᠲᠦᠩᠯᠢᠶᠣᠣ ᠬᠦᠷᠬᠦ︾ ᠵᠠᠰᠠᠮᠠᠯ ᠵᠠᠮ ᠤᠨ ᠬᠦᠴᠦᠨ ᠵᠠᠯᠭᠠᠬᠤ ᠤᠷᠤᠯᠳᠤᠭᠠᠨ ᠤ ᠪᠥᠬᠦ ᠶᠠᠪᠤᠴᠠ ᠶᠢ 84.39 ᠺᠢᠯᠣᠮᠧᠲᠷ᠂ 16 ᠬᠦᠴᠦᠨ ᠵᠠᠯᠭᠠᠬᠤ ᠬᠡᠰᠡᠭ ᠵᠠᠢ ᠲᠣᠬᠢᠷᠠᠭᠤᠯᠵᠤ᠂ ᠪᠥᠬᠦ ᠬᠤᠲᠠ  ᠶᠢᠨ 9 ᠬᠤᠰᠢᠭᠤ ᠰᠢᠶᠠᠨ ᠬᠤᠲᠠ ᠲᠣᠭᠤᠷᠢᠭ  ᠠᠴᠠ ᠢᠷᠡᠭᠰᠡᠨ 200 ᠰᠢᠬᠠᠮ ᠵᠠᠯᠠᠭᠤᠴᠤᠳ ᠪᠠᠭᠠᠴᠤᠳ ᠲᠠᠮᠢᠷᠴᠢᠨ ᠤᠷᠤᠯᠳᠤᠭᠠᠨ  ᠤ ᠲᠠᠯᠠᠪᠤᠷ  ᠲᠤ ᠰᠢᠷᠦᠭᠦᠨ ᠥᠷᠢᠰᠦᠯᠳᠦᠵᠦ᠂ ᠪᠦᠯᠬᠦᠮ  ᠤᠨ ᠬᠦᠴᠦᠨ ᠢᠶᠠᠷ ᠬᠤᠷᠳᠤᠴᠠ ᠪᠠ ᠳᠠᠭᠠᠭᠠᠴᠠ  ᠶᠢ ᠲᠠᠶᠢᠯᠪᠤᠷᠢᠯᠠᠪᠠ︔ ︽ᠴᠠᠭᠠᠨ ᠰᠤᠪᠤᠷᠭ᠎ᠠ ᠬᠤᠨᠳᠠᠭᠠᠲᠤ︾ ᠵᠠᠰᠠᠮᠠᠯ ᠵᠠᠮ ᠤᠨ ᠬᠡᠭᠡᠷᠡᠯᠡᠨ ᠭᠦᠶᠦᠬᠦ ᠤᠷᠤᠯᠳᠤᠭᠠᠨ ᠢ ᠪᠠᠭ᠎ᠠ ᠰᠤᠷᠭᠠᠭᠤᠯᠢ  ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠨᠡᠶᠢᠭᠡᠮ ᠤᠨ ᠪᠦᠯᠬᠦᠮ ᠳᠤᠭᠤᠶᠢᠯᠠᠩ ᠵᠡᠷᠭᠡ ᠳᠥᠷᠪᠡᠨ ᠳᠤᠭᠤᠶᠢᠯᠠᠩ ᠬᠤᠪᠢᠶᠠᠵᠤ᠂ ᠤᠷᠤᠯᠳᠤᠭᠠᠨ  ᠤ ᠵᠠᠮ ᠨᠢ 2 ᠺᠢᠯᠣᠮᠧᠲᠷ ᠪᠠ 3 ᠺᠢᠯᠣᠮᠧᠲᠷ ᠪᠠᠶᠢᠵᠤ᠂ ᠪᠦᠬᠦ ᠰᠢᠶᠠᠨ  ᠤ 36 ᠳᠤᠮᠳᠠᠳᠤ ᠪᠠᠭ᠎ᠠ ᠰᠤᠷᠭᠠᠭᠤᠯᠢ ᠶᠢᠨ 260 ᠭᠠᠷᠤᠶ ᠰᠣᠷᠣᠭᠴᠢ ᠵᠢᠴᠢ 300 ᠭᠠᠷᠤᠶ ᠺᠠᠳ᠋ᠷ ᠣᠯᠠᠨ ᠲᠦᠮᠡᠨ ᠤᠷᠤᠯᠳᠤᠭᠠᠨ  ᠳᠤ ᠣᠷᠣᠯᠴᠠᠪᠠ᠃
3d7e79dc51f746c7a81db9e9e5200b80_W020250506370807798231.png
      ᠤᠷᠤᠯᠳᠤᠭᠠᠨ  ᠤ ᠲᠠᠯᠠᠪᠤᠷ ᠲᠤ᠂ ᠲᠠᠮᠢᠷᠴᠢᠳ ᠡᠷᠡᠯᠬᠡᠭᠯᠡᠨ ᠲᠡᠮᠡᠴᠡᠵᠦ᠂ ᠰᠢᠨᠲᠠᠷᠠᠰᠢ ᠦᠭᠡᠢ ᠲᠡᠮᠡᠴᠡᠵᠦ᠂ ᠡᠷᠡᠰ ᠬᠠᠲᠠᠭᠤ ᠢᠲᠡᠭᠡᠯ ᠵᠣᠷᠢᠭ  ᠢᠶᠠᠷ ᠤᠷᠤᠯᠳᠤᠭᠠᠨ  ᠳᠤ ᠣᠷᠣᠯᠴᠠᠵᠤ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠣᠶᠢᠯᠠᠭᠠᠵᠤ᠂ ᠥᠪᠡᠷ ᠤᠨ ᠵᠣᠷᠢᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ᠂ ᠦᠰᠦᠨ ᠪᠤᠶᠢᠵᠢᠵᠤ ᠬᠦᠰᠡᠯ ᠡᠷᠡᠮᠡᠯᠵᠡᠯ ᠢᠶᠠᠨ ᠣᠯᠤᠭᠰᠠᠨ ᠪᠠᠶᠢᠨ᠎ᠠ᠃      ︽ᠡᠨᠡ ᠵᠢᠯ ᠪᠣᠯ ᠮᠢᠨᠦ ︿ᠴᠠᠭᠠᠨ ᠰᠤᠪᠤᠷᠭ᠎ᠠ ᠬᠤᠨᠳᠠᠭᠠᠲᠤ﹀ ᠵᠠᠰᠠᠮᠠᠯ ᠵᠠᠮ ᠤᠨ ᠬᠡᠭᠡᠷᠡᠯᠡᠨ ᠭᠦᠶᠦᠬᠦ ᠤᠷᠤᠯᠳᠤᠭᠠᠨ ᠳᠤ ᠭᠤᠷᠪᠠᠳᠤᠭᠠᠷ ᠤᠳᠠᠭ᠎ᠠ ᠣᠷᠣᠯᠴᠠᠵᠤ ᠪᠠᠶᠢᠨ᠎ᠠ᠂ ᠬᠡᠳᠦ᠋ᠢᠪᠡᠷ ᠬᠢᠷᠢ ᠪᠦᠲᠦᠮᠵᠢ ᠨᠢ ᠲᠦᠷᠦᠭᠦᠤ ᠬᠤᠶᠠᠷ ᠵᠢᠯ  ᠢᠶᠠᠨ ᠬᠦᠷᠬᠦ ᠥᠬᠡᠶ ᠪᠣᠯᠪᠠᠴᠤ ᠣᠯᠤᠯᠲᠠ ᠮᠥᠨ ᠯᠡ ᠨᠡᠯᠢᠶᠡᠳ ᠶᠡᠭᠡ ᠪᠠᠶᠢᠨ᠎ᠠ᠃ ᠤᠴᠢᠷ ᠨᠢ ᠤᠷᠤᠯᠳᠤᠭᠠᠨ ᠤ ᠲᠠᠯᠠᠪᠤᠷ ᠲᠤ ᠥᠷᠢᠰᠥᠯᠳᠥᠭᠡᠨ ᠤ ᠳᠠᠷᠤᠯᠲᠠ ᠲᠣᠩ ᠶᠡᠭᠡ᠂ ᠨᠠᠳᠠ ᠠᠪᠴᠤ ᠬᠡᠯᠡᠪᠡᠯ ᠪᠠᠰᠠ ᠨᠢᠭᠡ ᠰᠢᠯᠭᠠᠯᠲᠠ ᠪᠣᠯᠣᠨ᠎ᠠ᠂ ᠭᠡᠲᠡᠯ᠎ᠡ ᠪᠢ ᠡᠴᠦᠰ ᠲᠤ ᠨᠢ ᠲᠤᠯᠲᠠᠯ᠎ᠠ ᠪᠠᠷᠢᠮᠲᠠᠯᠠᠪᠠ᠂ ᠮᠢᠨᠦ ᠦᠵᠡᠬᠦ ᠪᠠᠷ ᠡᠨᠡ ᠨᠢ ᠮᠢᠨᠤ ᠬᠤᠵᠢᠮ ᠤᠨ ᠰᠤᠷᠤᠯᠭ᠎ᠠ ᠠᠮᠢᠳᠤᠷᠠᠯ ᠳᠤ ᠪᠦᠷ ᠲᠤᠩ ᠶᠡᠭᠡ ᠰᠡᠩᠬᠡᠷᠡᠭᠦᠯᠦᠯ ᠲᠠᠢ᠂ ᠡᠨᠡ  ᠨᠢ ᠪᠠᠰᠠ ᠴᠤ ᠮᠢᠨᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠭᠤᠴᠠᠭᠠᠨ ᠤ ᠬᠠᠮᠤᠭ ᠰᠡᠭᠦᠯᠴᠢ  ᠶᠢᠨ ᠨᠢᠭᠡ ᠤᠳᠠᠭᠠᠨ  ᠤ ᠤᠷᠤᠯᠳᠤᠭᠠᠨ ᠪᠠᠶᠢᠵᠤ᠂ ᠨᠠᠳᠠ ᠠᠪᠴᠤ ᠬᠡᠯᠡᠪᠡᠯ ᠪᠠᠰᠠ ᠨᠢᠭᠡ ᠰᠠᠶᠢᠨ ᠰᠠᠶᠢᠬᠠᠨ ᠡᠷᠭᠢᠴᠡᠭᠦᠯᠦᠯ ᠪᠣᠯᠣᠨ᠎ᠠ᠃ ︾ ᠭᠡᠵᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠲᠠᠮᠢᠷᠴᠢᠨ ᠬᠤ᠋ ᠶᠣᠣ ᠶᠠᠩ ᠬᠡᠯᠡᠪᠡ᠃      ︽ᠥᠨᠥᠳᠥᠷ ᠪᠢ ᠡᠵᠢ ᠲᠠᠢ ᠪᠠᠨ ᠬᠠᠮᠲᠤ ᠬᠡᠭᠡᠷᠡᠯᠡᠨ ᠭᠦᠶᠦᠬᠦ ᠤᠷᠤᠯᠳᠤᠭᠠᠨ  ᠳᠤ ᠣᠷᠣᠯᠴᠠᠬᠤ  ᠪᠠᠷ ᠢᠷᠡᠭᠰᠡᠨ ᠶᠤᠮ᠂ ᠦᠨᠡᠨᠳᠡᠭᠡᠨ ᠭᠦᠶᠦᠬᠦ ᠶᠠᠪᠤᠴᠠ  ᠳᠤ ᠮᠠᠰᠢ ᠵᠦᠳᠡᠷᠡᠯᠲᠡᠢ ᠂ ᠭᠡᠪᠡᠴᠦ ᠮᠢᠨᠦ ᠦᠵᠡᠬᠦ ᠪᠠᠷ ᠪᠠᠷᠢᠮᠲᠠᠯᠠᠬᠤ ᠨᠢ ᠮᠠᠰᠢ ᠴᠢᠬᠤᠯᠠ᠂ ᠪᠠᠰᠠ ᠥᠷᠢᠰᠦᠯᠳᠦᠭᠡᠨ ᠳᠤ ᠲᠤᠯᠭᠠᠷᠠᠬᠤ ᠦᠶ᠎ᠡ ᠳᠤ ᠵᠣᠷᠢᠭ ᠮᠣᠬᠤᠬᠤ ᠦᠭᠡᠢ᠂ ᠬᠦᠴᠢᠷ ᠪᠡᠷᠬᠡᠰᠢᠶᠡᠯ ᠢ ᠵᠣᠷᠢᠭᠲᠠᠢ ᠪᠠᠷ ᠢᠯᠠᠨ ᠳᠠᠪᠠᠭ᠋ᠤ ᠬᠡᠷᠡᠭᠲᠡᠢ  ᠶᠢ ᠨᠠᠳᠠ ᠳᠤ ᠵᠢᠭᠠᠪᠠ︾ ᠭᠡᠵᠦ ᠰᠠᠶ᠋ᠢᠬᠠᠨ ᠡᠵᠢ ᠲᠠᠢ ᠪᠠᠨ ᠬᠠᠮᠲᠤ ᠭᠦᠶᠦᠵᠦ ᠪᠠᠷᠠᠭᠰᠠᠨ ᠵᠦ ᠬᠡ ᠪᠢᠴᠢᠬᠠᠨ ᠨᠠᠶᠢᠵᠠ ᠬᠡᠯᠡᠪᠡ᠃
bd8aab5c64babf32b0a59653eb68b00f_W020250506370807821249.png
      ᠲᠡᠭᠦᠰᠬᠦ ᠶᠣᠰᠣᠯᠠᠯ ᠳᠡᠭᠡᠷ᠎ᠡ᠂ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠶᠢᠨ ᠳᠤᠭᠤᠶᠢᠯᠠᠩ ᠤᠨ ᠡᠮᠦᠨ᠎ᠡ ᠨᠠᠢᠮᠠᠨ ᠨᠡᠷᠡᠰ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ  ᠤᠨ ᠡᠮᠦᠨ᠎ᠡ ᠬᠤᠶᠠᠷ ᠨᠡᠷᠡᠰ ᠵᠢᠴᠢ ᠰᠢᠯᠢᠳᠡᠭ ᠵᠣᠬᠢᠶᠠᠨ ᠪᠠᠶᠢᠭᠤᠯᠤᠯᠲᠠ  ᠶᠢᠨ ᠱᠠᠩᠨᠠᠯ ᠣᠯᠤᠭᠰᠠᠨ ᠪᠦᠯᠬᠦᠮ ᠨᠡᠶᠢᠲᠡ ᠳᠤ ᠱᠠᠩᠨᠠᠯ ᠭᠠᠷᠳᠠᠭᠤᠯᠪᠠ᠃      ᠬᠤᠲᠠ  ᠶᠢᠨ ᠪᠡᠶ᠎ᠡ  ᠶᠢᠨ ᠲᠠᠮᠢᠷ ᠤᠨ ᠲᠣᠪᠴᠢᠶ᠎ᠠ᠂ ᠬᠤᠲᠠ  ᠶᠢᠨ ᠪᠡᠶ᠎ᠡ ᠶᠢᠨ ᠲᠠᠮᠢᠷ ᠤᠨ ᠳᠤᠮᠳᠠᠳᠤ ᠰᠤᠷᠭᠠᠭᠤᠯᠢ᠂ ᠰᠢᠶᠠᠨ ᠤ ᠨᠠᠮ ᠤᠨ ᠬᠤᠷᠢᠶᠠᠨ  ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ  ᠤᠨ ᠲᠣᠪᠴᠢᠶ᠎ᠠ᠂ ᠰᠢᠶᠠᠨ  ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃ ︵ᠶᠠᠩ ᠵᠢᠩ ᠰᠢᠨ ᠂ ᠪᠢ ᠯᠧ ᠲᠣᠣ ᠂ ᠬᠤ᠋ ᠯᠢ ᠵᠦᠩ ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号