ᠯᠢᠦ ᠶᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/6
      5 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ ᠳ᠋ᠠ ᠢᠦᠢ ᠱᠤ᠋ ᠪᠠᠯᠭᠠᠰᠤ᠂ ᠮᠠᠶᠢᠰᠢᠨ ᠪᠠᠯᠭᠠᠰᠤᠨ ᠳᠤ ᠭᠦᠨᠵᠡᠭᠡᠶᠢᠷᠡᠨ 2025 ᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠷᠠᠯ  ᠤᠨ ᠪᠡᠯᠡᠳᠬᠡᠯ ᠠᠵᠢᠯ  ᠤᠨ ᠪᠠᠶᠢᠳᠠᠯ  ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠾᠧ ᠴᠦᠨ ᠡᠾᠦ᠋ᠩ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳ᠋ᠠ ᠢᠦᠢ ᠱᠤ᠋ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠯᠢᠶᠠᠩ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠵᠠᠰᠠᠭ ᠤᠨ ᠣᠷᠳᠣᠨ  ᠤ ᠠᠯᠪᠠᠨ ᠭᠡᠷ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠯᠦ ᠶᠤᠸᠠᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃
8f9a58b0314ce7e375b0da737e92f658_W020250506379089003851.png
      ᠯᠢᠦ ᠶᠠᠩ ᠨᠠᠷ ᠤᠷᠢᠳ ᠬᠤᠵᠢᠳ ᠡᠷᠲᠡᠨ ᠤ ᠬᠠᠶᠢᠯᠠᠰᠤ ᠶᠢᠨ ᠠᠮᠢ ᠠᠬᠤᠢ ᠶᠢᠨ ᠬᠦᠷᠢᠶᠡᠯᠡᠩ᠂ ᠮᠠᠶᠢᠰᠢᠨ ᠤ ᠬᠤᠪᠢᠰᠬᠠᠯ ᠤᠨ ᠰᠤᠳᠤᠯᠭᠠᠨ ᠤ ᠦᠵᠡᠮᠵᠢ  ᠶᠢᠨ ᠣᠷᠣᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠦᠵᠡᠭᠦᠯᠭᠡ ᠶᠢᠨ ᠣᠷᠳᠣᠨ ᠵᠡᠷᠭᠡ ᠭᠠᠵᠠᠷ ᠢ ᠪᠠᠶᠢᠴᠠᠭᠠᠨ ᠦᠵᠡᠵᠦ᠂ ᠡᠯ᠎ᠡ ᠲᠦᠷᠦᠯ ᠵᠦᠢᠯ  ᠤᠨ ᠬᠠᠷᠢᠭᠤᠴᠠᠯᠭ᠎ᠠ  ᠶᠢᠨ ᠭᠤᠣᠯ ᠴᠣᠭᠴᠠ ᠶᠢᠨ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠯᠢᠦ ᠶᠠᠩ ᠵᠢᠭᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠡᠯ᠎ᠡ ᠴᠡᠭ ᠢ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠳ᠋ᠠ ᠢᠦᠢ ᠱᠤ᠋ ᠪᠠᠯᠭᠠᠰᠤ ᠡᠷᠲᠡᠨ  ᠤ ᠬᠠᠶᠢᠯᠠᠰᠤ  ᠶᠢᠨ ᠠᠮᠢ ᠠᠬᠤᠢ  ᠶᠢᠨ ᠬᠦᠷᠢᠶᠡᠯᠡᠩ  ᠤᠨ ᠪᠦᠲᠦᠭᠡᠨ ᠪᠠᠶᠢᠭᠤᠯᠤᠯᠲᠠ  ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠬᠦᠭᠡᠷᠦᠮᠵᠢ  ᠶᠢᠨ ᠪᠠᠶᠢᠷᠢᠰᠢᠭᠤᠯᠤᠯᠲᠠ ᠪᠣᠯᠣᠨ ᠵᠢᠭᠤᠯᠴᠢᠯᠠᠯ ᠤᠨ ᠱᠤᠭᠤᠮ  ᠢ ᠲᠡᠭᠦᠯᠳᠡᠷᠵᠢᠭᠦᠯᠬᠦ  ᠶᠢᠨ ᠬᠠᠮᠲᠤ ᠡᠵᠡᠩᠨᠡᠯᠲᠡ  ᠶᠢᠨ ᠵᠠᠭᠪᠤᠷ ᠤᠨ ᠰᠢᠨ᠎ᠡ ᠶᠢ ᠡᠭᠦᠳᠴᠦ᠂ ᠭᠠᠵᠠᠷ ᠣᠷᠣᠨ ᠤ ᠣᠨᠴᠠᠯᠢᠭ ᠢ ᠲᠤᠪᠤᠶᠢᠯᠭᠠᠵᠦ᠂ ᠠᠮᠢ ᠠᠬᠤᠢ  ᠶᠢᠨ ᠦᠷ᠎ᠡ ᠠᠰᠢᠭ ᠪᠣᠯᠣᠨ ᠠᠵᠤ ᠠᠬᠤᠢ  ᠶᠢᠨ ᠦᠷ᠎ᠡ ᠠᠰᠢᠭ ᠤᠨ ᠬᠤᠣᠰ ᠠᠮᠵᠢᠯᠲᠠ  ᠶᠢ ᠪᠡᠶᠡᠯᠡᠭᠦᠯᠬᠦ ᠬᠡᠷᠡᠭᠲᠡᠢ︔ ᠮᠠᠶᠢᠰᠢᠨ ᠪᠠᠯᠭᠠᠰᠤ ᠡᠯ᠎ᠡ ᠰᠤᠳᠤᠯᠤᠨ ᠰᠤᠷᠤᠯᠴᠠᠬᠤ ᠴᠡᠭ ᠢ ᠰᠢᠰᠲ᠋ᠧᠮ ᠲᠠᠢ ᠪᠠᠷ ᠡᠮᠬᠢᠯᠡᠵᠦ᠂ ᠬᠤᠪᠢᠰᠬᠠᠯ ᠤᠨ ᠰᠣᠶᠣᠯ  ᠤᠨ ᠠᠭᠤᠯᠤᠭᠳᠠᠬᠤᠨ  ᠢ ᠭᠦᠨᠵᠡᠭᠡᠢ ᠠᠭᠤᠳᠠᠯᠵᠤ᠂ ᠭᠤᠣᠯ ᠰᠡᠳᠦᠪ  ᠨᠢ ᠢᠯᠡ ᠲᠣᠳᠣ᠂ ᠣᠨᠴᠠᠯᠢᠭ ᠨᠢ ᠲᠤᠪᠤᠶᠢᠮ᠎ᠠ᠂ ᠰᠤᠳᠠᠰᠤ ᠪᠠᠷ ᠨᠡᠪᠲᠡᠷᠡᠯᠴᠡᠬᠦ  ᠶᠢ ᠪᠡᠶᠡᠯᠡᠭᠦᠯᠬᠦ ᠬᠡᠷᠡᠭᠲᠡᠢ᠂ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠡᠯ᠎ᠡ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠬᠠᠭᠠᠰ ᠰᠠᠷ᠎ᠠ ᠳᠤ ᠤᠳᠤᠷᠢᠳᠤᠨ ᠵᠠᠬᠢᠷᠬᠤ ᠠᠵᠢᠯ  ᠤᠨ ᠲᠣᠭᠲᠠᠴᠠ  ᠶᠢ ᠪᠠᠶᠢᠭᠤᠯᠵᠤ᠂ ᠲᠦᠷᠦᠭᠦᠯᠡᠨ ᠶᠡᠷᠦᠩᠬᠡᠶᠢᠯᠡᠨ ᠠᠳᠬᠤᠵᠤ᠂ ᠠᠵᠢᠯ  ᠤᠨ ᠬᠤᠭᠤᠴᠠᠭ᠎ᠠ  ᠶᠢ ᠲᠣᠩᠭᠤᠷᠠᠭᠤᠯᠵᠤ᠂ ᠡᠯ᠎ᠡ ᠪᠠᠷᠢᠯᠭ᠎ᠠ  ᠶᠢᠨ ᠲᠦᠷᠦᠯ ᠵᠦᠢᠯ  ᠢ ᠴᠠᠭ  ᠤᠨ ᠳᠠᠷᠠᠭᠠᠯᠠᠯ  ᠤᠨ ᠠᠬᠢᠴᠠ  ᠪᠠᠷ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ  ᠶᠢ ᠪᠠᠲᠤᠯᠠᠬᠤ ᠬᠡᠷᠡᠭᠲᠡᠢ ᠃ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号