ᠯᠢᠦ ᠶᠠᠩ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2025/5/9
      5 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ ᠪᠥᠬᠦ ᠰᠢᠶᠠᠨ ᠤ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠵᠤ᠂ ᠣᠳᠣᠬᠠᠨ ᠤ ᠠᠵᠤ ᠠᠬᠤᠶ ᠶᠢᠨ ᠪᠠᠶᠢᠳᠠᠯ ᠢ ᠭᠦᠨᠵᠡᠭᠡᠶ ᠵᠠᠳᠠᠯᠤᠨ ᠰᠤᠳᠤᠯᠵᠤ ᠮᠠᠭᠠᠳᠯᠠᠵᠤ᠂ ᠠᠰᠠᠭᠤᠳᠠᠯ  ᠤᠨ ᠳᠤᠲᠠᠭᠤᠳᠠᠯ ᠢ ᠣᠨᠣᠪᠴᠢᠲᠠᠶ ᠡᠷᠢᠨ ᠣᠯᠵᠤ᠂ ᠰᠢᠪᠲᠤᠯᠤᠯᠲᠠ  ᠶᠢᠨ ᠴᠢᠭᠯᠡᠯ ᠢ ᠲᠣᠳᠣᠷᠬᠠᠶᠢᠯᠠᠨ᠂ ᠲᠠᠷᠠᠭᠠᠴᠢ  ᠶᠢᠨ ᠠᠯᠬᠤᠮ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠰᠢᠶᠠᠨ ᠤ ᠤᠳᠤᠷᠢᠳᠤᠯᠭ᠎ᠠ ᠴᠠᠩ ᠪᠦᠦ ᠴᠧᠩ᠂ ᠶᠠᠩ ᠼᠦᠨ ᠰᠢᠤ᠂ ᠴᠠᠩ ᠯᠢᠶᠠᠩ᠂ ᠯᠢ ᠯᠢᠶᠠᠩ᠂ ᠮᠠ ᠹᠧᠩ ᠵᠢᠶᠦ᠋ᠨ ᠬᠤᠷᠠᠯ ᠳᠤ ᠣᠷᠣᠯᠴᠠᠪᠠ᠃
1c3901d0a5736230f47aff4f5968e76d_W020250509346641308709.png
      ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠢᠲᠡᠭᠡᠯ ᠵᠣᠷᠢᠭ  ᠢᠶᠠᠨ ᠪᠠᠲᠤᠳᠬᠠᠵᠤ᠂ ᠬᠦᠴᠢᠷ  ᠢ ᠲᠤᠭᠤᠯᠤᠨ ᠪᠡᠷᠬᠡ  ᠶᠢ ᠳᠠᠪᠠᠵᠤ᠂ ᠪᠠᠶᠢᠳᠠᠯ  ᠢ ᠤᠨᠢᠨ ᠳᠡᠭᠡᠷ᠎ᠡ ᠨᠢ ᠰᠤᠳᠤᠯᠤᠨ ᠮᠠᠭᠠᠳᠯᠠᠵᠤ᠂ ᠠᠬᠢᠭᠤᠯᠬᠤ ᠠᠷᠭ᠎ᠠ ᠬᠡᠮᠵᠢᠶ᠎ᠡ  ᠪᠠᠨ ᠨᠠᠷᠢᠯᠢᠬᠵᠢᠭᠤᠯᠵᠤ᠂ ᠠᠰᠠᠭᠤᠳᠠᠯ  ᠢ ᠰᠢᠢᠳᠪᠦᠷᠢᠯᠡᠬᠦ ᠳᠤᠮᠳᠠ ᠬᠤᠪᠢᠷᠠᠯᠲᠠ ᠶᠢ ᠠᠷᠭᠠᠴᠠᠭᠠᠵᠤ᠂ ᠬᠦᠴᠢᠷᠳᠡᠯ  ᠢ ᠰᠢᠢᠳᠪᠦᠷᠢᠯᠡᠵᠦ᠂ ᠰᠢᠨ᠎ᠡ ᠪᠠᠶᠢᠳᠠᠯ ᠢ ᠡᠭᠦᠳᠬᠦ ᠪᠠᠷ ᠴᠢᠷᠮᠠᠶᠢᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ  ᠢᠶᠠᠷ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠃      ᠬᠤᠷᠠᠯ  ᠠᠴᠠ ᠱᠠᠭᠠᠷᠳᠠᠭᠰᠠᠨ ᠨᠢ᠂ ᠡᠯ᠎ᠡ ᠪᠠᠯᠭᠠᠰᠤ ᠲᠠᠯᠠᠪᠠᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠤᠶᠠᠳᠤᠭᠠᠷ ᠤᠯᠠᠷᠢᠯ ᠤᠨ ᠤᠷᠢᠳᠤᠬᠢ  ᠶᠢ ᠵᠠᠯᠭᠠᠮᠵᠢᠯᠠᠨ ᠬᠤᠶᠢᠰᠢᠬᠢ ᠵᠠᠮ ᠢ ᠨᠡᠭᠡᠭᠡᠬᠦ ᠵᠠᠩᠭᠢᠯᠠᠭ᠎ᠠ  ᠶᠢᠨ ᠴᠠᠭ ᠬᠤᠭᠤᠴᠠᠭ᠎ᠠ  ᠶᠢ ᠠᠮᠵᠢᠨ ᠠᠳᠬᠤᠵᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ︽ᠭᠤᠷᠪᠠᠨ ᠠᠵᠤ ᠦᠢᠯᠡᠰ︾ ᠢ ᠠᠭᠤᠰᠤᠯᠴᠠᠭᠤᠯᠤᠨ ᠬᠥᠭᠵᠢᠭᠦᠯᠬᠦ ᠲᠠᠢ ᠬᠠᠮᠵᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ  ᠤᠨ ᠬᠦᠴᠦᠨ ᠢ ᠬᠥᠭᠵᠢᠭᠡᠵᠦ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢᠨ ᠳᠠᠯᠳᠠ ᠴᠢᠳᠠᠪᠤᠷᠢ ᠶᠢ ᠭᠦᠨᠵᠡᠭᠡᠢ ᠠᠭᠤᠳᠠᠯᠵᠤ᠂ ᠪᠦᠬᠦ ᠵᠢᠯ ᠤᠨ ᠡᠭᠦᠷᠭᠡ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠪᠦᠬᠦ ᠰᠢᠶᠠᠨ ᠤ ᠺᠠᠳ᠋ᠷᠴᠤᠳ ᠤᠶᠤᠨ ᠰᠠᠨᠠᠭᠠᠨ ᠤ ᠳᠦᠷᠰᠦ ᠪᠠᠶᠢᠳᠠᠯ  ᠢᠶᠠᠨ ᠦᠳᠲᠡᠷ ᠲᠦᠷᠭᠡᠨ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠲᠡᠮᠡᠴᠡᠵᠦ᠂ ᠨᠢᠭᠡ ᠰᠡᠳᠬᠢᠯ ᠨᠢᠭᠡ ᠵᠣᠷᠢᠭ  ᠢᠶᠠᠷ ᠬᠥᠭᠵᠢᠯᠲᠡ  ᠶᠢ ᠠᠳᠬᠤᠵᠤ ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠳᠤᠮᠳᠠ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠬᠡᠷᠡᠭᠲᠡᠢ       ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠠᠩ ᠼᠦᠨ ᠰᠢᠤ᠂ ᠴᠠᠩ ᠯᠢᠶᠠᠩ ᠲᠣᠰ ᠲᠣᠰ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ  ᠤ ᠠᠵᠤ ᠠᠬᠤᠶ ᠶᠢᠨ ᠠᠵᠢᠯ ᠳᠤ ᠦᠨᠡᠯᠡᠯᠲᠡ ᠬᠢᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ  ᠠᠴᠠ ᠨᠢᠭᠡᠳᠦᠭᠡᠷ ᠤᠯᠠᠷᠢᠯ  ᠤᠨ ᠪᠦᠬᠦ ᠰᠢᠶᠠᠨ  ᠤ ᠠᠵᠤ ᠠᠬᠤᠢ  ᠶᠢᠨ ᠠᠵᠢᠯᠯᠠᠭᠠᠨ ᠤ ᠶᠡᠷᠦᠩᠬᠡᠢ ᠪᠠᠶᠢᠳᠠᠯ ᠢ ᠮᠡᠳᠡᠭᠳᠡᠵᠦ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ  ᠶᠢᠨ ᠲᠤᠪᠴᠢᠶ᠎ᠠ᠂ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠤᠪᠴᠢᠶ᠎ᠠ᠂ ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ  ᠤ ᠦᠢᠯᠡᠴᠢᠯᠡᠭᠡᠨ  ᠤ ᠲᠥᠪ᠂ ᠰᠢᠶᠠᠨ ᠤ ᠡᠳ᠋ ᠤᠨ ᠵᠠᠰᠠᠭ ᠤᠨ ᠲᠤᠪᠴᠢᠶ᠎ᠠ᠂ ᠤᠯᠤᠰ ᠤᠨ ᠪᠠᠶᠢᠴᠠᠭᠠᠯᠲᠠ ᠶᠢᠨ ᠠᠩᠬᠢ ᠲᠤᠰ ᠲᠤᠰ ᠠᠵᠢᠯ  ᠤᠨ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠣᠯᠤᠨ ᠪᠣᠳᠠᠲᠠᠢ ᠠᠷᠭ᠎ᠠ ᠬᠡᠮᠵᠢᠶ᠎ᠡ  ᠶᠢ ᠳᠤᠷᠠᠳᠪᠠ᠃ ︵ᠯᠢᠦ ᠶᠤᠸᠠᠨ ᠹᠧᠩ ᠂ ᠴᠢᠨ ᠶᠢᠩ︶     
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号